MN / MNG

2022-04-13
“MNS 6395:2022, ᠮᠣᠩᠭᠣᠯ ᠪᠢᠴᠢᠭ ᠢᠶᠡᠷ ᠦᠢᠯᠡ ᠳᠦ ᠬᠢ ᠪᠠᠷᠢᠮᠲᠠ ᠪᠢᠴᠢᠭ ᠦᠨ ᠬᠡᠪᠯᠡᠮᠡᠯ ᠬᠠᠭᠤᠳᠠᠰᠤ᠂ ᠲᠡᠭᠦᠨ ᠦ ᠪᠦᠷᠢᠳᠦᠯ ᠳᠦ ᠲᠠᠯᠪᠢᠬᠤ ᠦᠨᠳᠦᠰᠦᠨ ᠱᠠᠭᠠᠷᠳᠠᠯᠭ᠎ᠠ》 ᠰᠲ᠋ᠠᠨᠳᠠᠷᠲ ᠪᠠᠲᠤᠯᠠᠭᠳᠠᠯ᠎ᠠ

“MNS 6395:2022, ᠮᠣᠩᠭᠣᠯ ᠪᠢᠴᠢᠭ ᠢᠶᠡᠷ ᠦᠢᠯᠡ ᠳᠦ ᠬᠢ ᠪᠠᠷᠢᠮᠲᠠ ᠪᠢᠴᠢᠭ ᠦᠨ ᠬᠡᠪᠯᠡᠮᠡᠯ ᠬᠠᠭᠤᠳᠠᠰᠤ᠂ ᠲᠡᠭᠦᠨ ᠦ ᠪᠦᠷᠢᠳᠦᠯ ᠳᠦ ᠲᠠᠯᠪᠢᠬᠤ ᠦᠨᠳᠦᠰᠦᠨ ᠱᠠᠭᠠᠷᠳᠠᠯᠭ᠎ᠠ》 ᠰᠲ᠋ᠠᠨᠳᠠᠷᠲ ᠪᠠᠲᠤᠯᠠᠭᠳᠠᠯ᠎ᠠ


ᠠᠷᠬᠢᠸ ᠤᠨ ᠶᠡᠷᠦᠩᠬᠡᠢ ᠭᠠᠵᠠᠷ ᠤᠨ ᠳᠠᠷᠤᠭ᠎ᠠ ᠶᠢᠨ 2021 ᠣᠨ ᠤ ᠠ/31 ᠳᠦᠭᠡᠷ ᠲᠤᠰᠢᠶᠠᠯ ᠢᠶᠠᠷ 《ᠮᠣᠩᠭᠣᠯ ᠪᠢᠴᠢᠭ ᠢᠶᠡᠷ ᠦᠢᠯᠡ ᠳᠦ ᠬᠢ ᠵᠣᠬᠢᠶᠠᠨ ᠪᠠᠶᠢᠭᠤᠯᠤᠯᠲᠠ᠂ ᠵᠠᠬᠢᠷᠤᠮᠵᠢᠯᠠᠯ ᠤᠨ ᠪᠠᠷᠢᠮᠲᠠ ᠪᠢᠴᠢᠭ ᠦᠨ ᠰᠲ᠋ᠠᠨᠳᠠᠷᠲ ᠪᠣᠯᠪᠠᠰᠤᠷᠠᠭᠤᠯᠬᠤ》 ᠠᠵᠢᠯ ᠤᠨ ᠬᠡᠰᠡᠭ ᠪᠠᠶᠢᠭᠤᠯᠤᠭᠰᠠᠨ᠃
ᠤᠭ ᠠᠵᠢᠯ ᠤᠨ ᠬᠡᠰᠡᠭ ᠮᠣᠩᠭᠣᠯ ᠤᠯᠤᠰ ᠤᠨ ᠶᠡᠬᠡ ᠬᠤᠷᠠᠯ ᠤᠨ 2020 ᠣᠨ ᠤ 05 ᠳ᠋ᠤᠭᠠᠷ ᠰᠠᠷ᠎ᠠ ᠶᠢᠨ 13 ᠍ ᠤ ᠡᠳᠦᠷ ᠦᠨ 52 ᠳ᠋ᠤᠭᠠᠷ ᠲᠣᠭᠲᠠᠭᠠᠯ ᠢᠶᠠᠷ ᠪᠠᠲᠤᠯᠠᠭᠰᠠᠨ 《ᠠᠯᠤᠰ ᠤᠨ ᠬᠠᠷᠠᠭ᠎ᠠ 2050-ᠮᠣᠩᠭᠣᠯ ᠤᠯᠤᠰ ᠤᠨ ᠤᠷᠲᠤ ᠬᠤᠭᠤᠴᠠᠭᠠᠨ ᠤ ᠬᠥᠭᠵᠢᠯ ᠦᠨ ᠪᠣᠳᠣᠯᠭ᠎ᠠ》 ᠍ ᠤᠨ ᠵᠣᠷᠢᠯᠲᠠ ᠪᠣᠯᠤᠨ 《ᠮᠣᠩᠭᠣᠯ ᠪᠢᠴᠢᠭ ᠦᠨ ᠦᠨᠳᠦᠰᠦᠨ ᠦ ᠬᠥᠲᠥᠯᠪᠦᠷᠢ-III》 ᠍ ᠦᠨ ᠬᠦᠷᠢᠶᠡᠨ ᠳᠦ ᠬᠣᠯᠪᠣᠭᠳᠠᠬᠤ ᠬᠠᠤᠯᠢ ᠵᠢᠷᠤᠮ᠂ MNS 5140-1᠂2᠂3᠄2021 ᠰᠲ᠋ᠠᠨᠳᠠᠷᠲ ᠲᠤ ᠨᠡᠶᠢᠴᠡᠭᠦᠯᠦᠨ 《MNS 6395᠄2022 ᠮᠣᠩᠭᠣᠯ ᠪᠢᠴᠢᠭ ᠢᠶᠡᠷ ᠦᠢᠯᠡ ᠳᠦ ᠬᠢ ᠪᠠᠷᠢᠮᠲᠠ ᠪᠢᠴᠢᠭ ᠦᠨ ᠬᠡᠪᠯᠡᠮᠡᠯ ᠬᠠᠭᠤᠳᠠᠰᠤ᠂ ᠲᠡᠭᠦᠨ ᠦ ᠪᠦᠷᠢᠳᠦᠯ ᠳᠦ ᠲᠠᠯᠪᠢᠬᠤ ᠦᠨᠳᠦᠰᠦᠨ ᠱᠠᠭᠠᠷᠳᠠᠯᠭ᠎ᠠ》 ᠰᠲ᠋ᠠᠨᠳᠠᠷᠲ ᠢ ᠪᠣᠯᠪᠠᠰᠤᠷᠠᠭᠤᠯᠤᠯ᠎ᠠ᠃
ᠤᠭ ᠰᠲ᠋ᠠᠨᠳᠠᠷᠲ ᠢᠶᠠᠷ ᠮᠣᠩᠭᠣᠯ ᠪᠢᠴᠢᠭ ᠢᠶᠡᠷ ᠦᠢᠯᠡᠳᠬᠦ ᠵᠠᠬᠢᠷᠤᠮᠵᠢᠯᠠᠯ ᠤᠨ ᠪᠠᠷᠢᠮᠲᠠ ᠪᠢᠴᠢᠭ ᠪᠤᠶᠤ ᠵᠠᠷᠯᠢᠭ᠂ ᠲᠣᠭᠲᠠᠭᠠᠯ᠂ ᠵᠠᠬᠢᠷᠤᠮᠵᠢ᠂ ᠲᠤᠰᠢᠶᠠᠯ᠂ ᠰᠢᠢᠳᠪᠦᠷᠢ᠂ ᠠᠯᠪᠠᠨ ᠳᠠᠭᠠᠭᠠᠯᠭᠠᠪᠤᠷᠢ᠂ ᠠᠯᠪᠠᠨ ᠱᠠᠭᠠᠷᠳᠠᠯᠭ᠎ᠠ; ᠵᠣᠬᠢᠶᠠᠨ ᠪᠠᠶᠢᠭᠤᠯᠤᠯᠲᠠ᠂ ᠮᠡᠳᠡᠭᠡᠯᠡᠯ ᠯᠠᠪᠯᠠᠭᠠᠨ ᠤ ᠪᠠᠷᠢᠮᠲᠠ ᠪᠢᠴᠢᠭ ᠪᠤᠶᠤ ᠠᠯᠪᠠᠨ ᠪᠢᠴᠢᠭ᠂ ᠤᠯᠤᠰ ᠤᠨ ᠪᠠᠶᠢᠴᠠᠭᠠᠭᠴᠢ ᠶᠢᠨ ᠠᠺᠲ᠂ ᠳ᠋ᠦᠩᠨᠡᠯᠲᠡ᠂ ᠬᠤᠷᠠᠯ ᠤᠨ ᠲᠡᠮᠳᠡᠭᠯᠡᠯ᠂ ᠲᠣᠳᠣᠷᠬᠠᠶᠢᠯᠠᠯᠲᠠ ᠵᠡᠷᠭᠡ 12 ᠨᠡᠷ᠎ᠡ ᠲᠥᠷᠦᠯ ᠦᠨ ᠪᠠᠷᠢᠮᠲᠠ ᠪᠢᠴᠢᠭ ᠦᠨ ᠬᠡᠪᠯᠡᠮᠡᠯ ᠬᠠᠭᠤᠳᠠᠰᠤᠨ ᠳᠤ ᠪᠠᠶᠢᠬᠤ ᠪᠦᠷᠢᠳᠦᠯ ᠢ ᠲᠣᠳᠣᠷᠬᠠᠶᠢᠯᠠᠵᠤ᠂ ᠲᠡᠳᠡᠭᠡᠷ ᠢ ᠪᠠᠶᠢᠷᠢᠯᠠᠭᠤᠯᠬᠤ ᠵᠠᠢ ᠬᠡᠮᠵᠢᠶ᠎ᠡ᠂ ᠪᠠᠶᠢᠷᠢᠯᠠᠯ᠂ ᠪᠠᠷᠢᠮᠲᠠ ᠪᠢᠴᠢᠭ ᠦᠨ ᠬᠡᠯᠪᠡᠷᠢ (ᠬᠥᠨᠳᠡᠯᠡᠨ) ᠪᠣᠯᠤᠨ ᠮᠣᠩᠭᠣᠯ ᠪᠢᠴᠢᠭ ᠦᠨ ᠦᠰᠦᠭ ᠦᠨ ᠹᠣᠨᠲ᠂ ᠬᠡᠮᠵᠢᠶ᠎ᠡ᠂ ᠪᠢᠴᠢᠪᠦᠷᠢ ᠶᠢᠨ ᠮᠥᠷ ᠬᠣᠭᠣᠷᠣᠨᠳᠣ ᠶᠢᠨ ᠵᠠᠢ ᠵᠡᠷᠭᠡ ᠪᠠᠷᠢᠮᠲᠠ ᠪᠢᠴᠢᠭ ᠵᠣᠬᠢᠶᠠᠨ ᠪᠦᠷᠢᠳᠦᠭᠦᠯᠬᠦ ᠳᠦ ᠲᠠᠯᠪᠢᠬᠤ ᠱᠠᠭᠠᠷᠳᠠᠯᠭ᠎ᠠ ᠶᠢ ᠲᠣᠭᠲᠠᠭᠠᠭᠰᠠᠨ᠃
ᠤᠭ ᠰᠲ᠋ᠠᠨᠳᠠᠷᠲ ᠢ ᠰᠲ᠋ᠠᠨᠳᠠᠷᠲ᠂ ᠬᠡᠮᠵᠢᠯ ᠵᠦᠢ ᠶᠢᠨ ᠭᠠᠵᠠᠷ ᠤᠨ ᠳᠡᠷᠭᠡᠳᠡᠬᠢ ᠪᠠᠷᠢᠮᠲᠠ ᠪᠢᠴᠢᠭ ᠦᠨ ᠰᠲ᠋ᠠᠨᠳᠠᠷᠲᠴᠢᠯᠠᠯ ᠤᠨ ᠲᠧᠭᠨᠢᠭ ᠦᠨ ᠬᠣᠷᠢᠶ᠎ᠠ ᠬᠡᠯᠡᠯᠴᠡᠵᠦ ᠰᠲ᠋ᠠᠨᠳᠠᠷᠲ᠂ ᠬᠡᠮᠵᠢᠯ ᠵᠦᠢ ᠶᠢᠨ ᠭᠠᠵᠠᠷ ᠤᠨ ᠳᠠᠷᠤᠭ᠎ᠠ ᠶᠢᠨ 2022 ᠣᠨ ᠤ 4 ᠳ᠋ᠦ᠋ᠭᠡᠷ ᠰᠠᠷ᠎ᠠ ᠶᠢᠨ 4 ᠍ ᠦ ᠡᠳᠦᠷ ᠦᠨ ᠰ/13 ᠲᠣᠭᠠᠲᠤ ᠲᠤᠰᠢᠶᠠᠯ ᠢᠶᠠᠷ ᠪᠠᠲᠤᠯᠠᠭᠰᠠᠨ᠃ ᠡᠨᠡ ᠰᠲ᠋ᠠᠨᠳᠠᠷᠲ ᠪᠠᠲᠤᠯᠠᠭᠳᠠᠭᠰᠠᠨ ᠢᠶᠠᠷ ᠲᠥᠷᠥ ᠶᠢᠨ ᠪᠣᠯᠤᠨ ᠨᠤᠲᠤᠭ ᠤᠨ ᠥᠪᠡᠷ ᠢᠶᠡᠨ ᠤᠳᠤᠷᠢᠳᠬᠤ ᠪᠠᠶᠢᠭᠤᠯᠤᠯᠭ᠎ᠠ ᠮᠣᠩᠭᠣᠯ ᠬᠡᠯᠡᠨ ᠦ ᠲᠤᠬᠠᠢ ᠬᠠᠤᠯᠢ ᠳᠤ ᠵᠢᠭᠠᠭᠰᠠᠨ ᠤ ᠳᠠᠭᠠᠤ 2025 ᠣᠨ ᠠᠴᠠ ᠲᠥᠷᠥ ᠶᠢᠨ ᠠᠯᠪᠠᠨ ᠬᠡᠷᠡᠭ ᠢ ᠺᠢᠷᠢᠯ ᠪᠣᠯᠤᠨ ᠦᠨᠳᠦᠰᠦᠨ ᠦ ᠬᠣᠣᠰ ᠪᠢᠴᠢᠭ ᠢᠶᠡᠷ ᠬᠥᠲᠥᠯᠦᠨ ᠶᠠᠪᠤᠭᠤᠯᠬᠤ ᠨᠥᠬᠥᠴᠡᠯ ᠪᠥᠷᠢᠳᠦᠨ᠎ᠡ᠃ 2022 ᠣᠨ ᠤ 5 ᠳ᠋ᠤᠭᠠᠷ ᠰᠠᠷ᠎ᠠ ᠶᠢᠨ 1 ᠍ ᠦ ᠡᠳᠦᠷ ᠡᠴᠡ ᠡᠬᠢᠯᠡᠨ ᠲᠥᠷᠦ ᠶᠢᠨ ᠪᠠᠶᠢᠭᠤᠯᠤᠯᠭ᠎ᠠ ᠨᠤᠭᠤᠳ ᠲᠤᠷᠰᠢᠵᠤ ᠡᠬᠢᠯᠡᠨ᠎ᠡ᠃


ᠪᠢᠴᠢᠭᠰᠡᠨ᠄


Бичсэн: