MN / MNG

2022-06-22
ᠵᠥᠪᠯᠡᠯ ᠦᠨ ᠴᠢᠭ᠂ ᠡᠭᠦᠷᠭᠡ

ᠵᠥᠪᠯᠡᠯ ᠦᠨ ᠴᠢᠭ᠂ ᠡᠭᠦᠷᠭᠡ


  1. ᠮᠣᠩᠭᠣᠯ ᠬᠡᠯᠡ᠂ ᠪᠢᠴᠢᠭ ᠦᠰᠦᠭ ᠢ ᠬᠡᠷᠡᠭᠯᠡᠬᠦ᠂ ᠬᠠᠮᠠᠭᠠᠯᠠᠬᠤ᠂ ᠬᠥᠭᠵᠢᠭᠦᠯᠬᠦ ᠲᠡᠢ ᠬᠣᠯᠪᠣᠭ᠎ᠠ ᠲᠠᠢ ᠪᠣᠳᠣᠯᠭ᠎ᠠ ᠪᠣᠯᠪᠠᠰᠤᠷᠠᠭᠤᠯᠵᠤ᠂ ᠮᠣᠩᠭᠣᠯ ᠤᠯᠤᠰ ᠤᠨ ᠶᠡᠷᠦᠩᠬᠡᠶᠢᠯᠡᠭᠴᠢ ᠳᠦ ᠥᠷᠭᠡᠨ ᠮᠡᠳᠡᠭᠦᠯᠬᠦ;
  2. ᠦᠨᠳᠦᠰᠦᠲᠡᠨ ᠦ ᠴᠥᠭᠡᠩᠬᠢ ᠶᠢᠨ ᠬᠡᠯᠡ᠂ ᠮᠣᠩᠭᠣᠯ ᠤᠭᠰᠠᠭᠠᠲᠠᠨ ᠤ ᠠᠮᠠᠨ ᠠᠶᠠᠯᠭᠤ ᠶᠢ ᠰᠤᠳᠤᠯᠬᠤ᠂ ᠬᠠᠮᠠᠭᠠᠯᠠᠬᠤ᠂ ᠬᠥᠭᠵᠢᠭᠦᠯᠬᠦ᠂ ᠭᠠᠳᠠᠭᠠᠳᠤ ᠣᠷᠣᠨ ᠳᠤ ᠰᠠᠭᠤᠭ᠎ᠠ ᠮᠣᠩᠭᠣᠯ ᠦᠨᠳᠦᠰᠦᠲᠡᠨ ᠨᠦᠭᠦᠳ᠂ ᠣᠯᠠᠨ ᠤᠯᠤᠰ ᠤᠨ ᠬᠡᠮᠵᠢᠶᠡᠨ ᠳᠦ ᠮᠣᠩᠭᠣᠯ ᠬᠡᠯᠡ᠂ ᠪᠢᠴᠢᠭ ᠦᠰᠦᠭ ᠦᠨ ᠬᠡᠷᠡᠭᠯᠡᠭᠡ᠂ ᠰᠤᠷᠭᠠᠯᠲᠠ ᠰᠤᠳᠤᠯᠭ᠎ᠠ ᠶᠢ ᠥᠷᠭᠡᠵᠢᠭᠦᠯᠬᠦ᠂ ᠳᠡᠮᠵᠢᠬᠦ ᠴᠢᠭᠯᠡᠯ ᠢᠶᠡᠷ ᠪᠣᠳᠣᠯᠭ᠎ᠠ ᠪᠣᠯᠪᠠᠰᠤᠷᠠᠭᠤᠯᠵᠤ᠂ ᠮᠣᠩᠭᠣᠯ ᠤᠯᠤᠰ ᠤᠨ ᠶᠡᠷᠦᠩᠬᠡᠶᠢᠯᠡᠭᠴᠢ ᠳᠦ ᠥᠷᠭᠡᠨ ᠮᠡᠳᠡᠭᠦᠯᠬᠦ;
  3. ᠮᠣᠩᠭᠣᠯ ᠬᠡᠯᠡᠨ ᠦ ᠲᠤᠬᠠᠢ ᠬᠠᠤᠯᠢ ᠶᠢᠨ 22.1 ᠍ ᠲᠤ ᠵᠢᠭᠠᠭᠰᠠᠨ ᠡᠷᠬᠡ ᠪᠦᠬᠦᠢ ᠰᠤᠳᠤᠯᠭᠠᠨ ᠤ ᠪᠠᠶᠢᠭᠤᠯᠤᠯᠭ᠎ᠠ ᠠᠴᠠ ᠪᠣᠯᠪᠠᠰᠤᠷᠠᠭᠤᠯᠤᠭᠰᠠᠨ᠂ ᠳ᠋ᠦᠩᠨᠡᠯᠲᠡ ᠭᠠᠷᠭᠠᠭᠰᠠᠨ ᠺᠢᠷᠢᠯ ᠪᠣᠯᠤᠨ ᠦᠨᠳᠦᠰᠦᠨ ᠦ ᠪᠢᠴᠢᠭ ᠦᠨ ᠵᠥᠪ ᠪᠢᠴᠢᠬᠦ ᠳᠦᠷᠢᠮ᠂ ᠲᠡᠭᠦᠨ ᠦ ᠥᠭᠡᠷᠡᠴᠢᠯᠡᠯᠲᠡ ᠶᠢ ᠬᠡᠯᠡᠯᠴᠡᠨ ᠪᠠᠲᠤᠯᠠᠬᠤ;
  4. ᠮᠣᠩᠭᠣᠯ ᠬᠡᠯᠡᠨ ᠦ ᠲᠤᠬᠠᠢ ᠬᠠᠤᠯᠢ ᠶᠢᠨ 22.1 ᠍ ᠲᠤ ᠵᠢᠭᠠᠭᠰᠠᠨ ᠡᠷᠬᠡ ᠪᠦᠬᠦᠢ ᠰᠤᠳᠤᠯᠭᠠᠨ ᠤ ᠪᠠᠶᠢᠭᠤᠯᠤᠯᠭ᠎ᠠ ᠶᠢᠨ ᠳ᠋ᠦᠩᠨᠡᠯᠲᠡ ᠳᠦ ᠦᠨᠳᠦᠰᠦᠯᠡᠨ ᠺᠢᠷᠢᠯ ᠪᠣᠯᠤᠨ ᠦᠨᠳᠦᠰᠦᠨ ᠦ ᠪᠢᠴᠢᠭ ᠦᠨ ᠵᠥᠪ ᠪᠢᠴᠢᠬᠦ ᠳᠦᠷᠢᠮ ᠦᠨ ᠲᠣᠯᠢ᠂ ᠦᠭᠡ ᠶᠢᠨ ᠰᠠᠩ ᠤᠨ ᠲᠣᠯᠢ ᠪᠣᠯᠤᠨ ᠪᠤᠰᠤᠳ ᠬᠣᠯᠪᠣᠭᠣᠳᠠᠬᠤ ᠲᠣᠯᠢ ᠪᠢᠴᠢᠭ ᠢ ᠬᠡᠯᠡᠯᠴᠡᠨ ᠪᠠᠲᠤᠯᠠᠬᠤ;
  5. ᠮᠣᠩᠭᠣᠯ ᠬᠡᠯᠡᠨ ᠦ ᠲᠤᠬᠠᠢ ᠬᠠᠤᠯᠢ ᠶᠢᠨ 22.1 ᠍ ᠲᠤ ᠵᠢᠭᠠᠭᠰᠠᠨ ᠡᠷᠬᠡ ᠪᠦᠬᠦᠢ ᠰᠤᠳᠤᠯᠭᠠᠨ ᠤ ᠪᠠᠶᠢᠭᠤᠯᠤᠯᠭ᠎ᠠ ᠠᠴᠠ ᠪᠣᠯᠪᠠᠰᠤᠷᠠᠭᠤᠯᠤᠭᠰᠠᠨ ᠭᠠᠳᠠᠭᠠᠳᠤ ᠨᠡᠷ᠎ᠡ ᠲᠣᠮᠢᠶᠠᠨ ᠤ ᠣᠷᠴᠢᠭᠤᠯᠭ᠎ᠠ᠂ ᠮᠣᠩᠭᠣᠯ ᠬᠡᠯᠡᠨ ᠦ ᠦᠭᠡ ᠶᠢᠨ ᠰᠠᠩ ᠳᠤ ᠣᠷᠣᠭᠤᠯᠬᠤ ᠰᠢᠨ᠎ᠡ ᠨᠡᠷ᠎ᠡ ᠲᠣᠮᠢᠶ᠎ᠠ ᠶᠢ ᠬᠡᠯᠡᠯᠴᠡᠨ ᠪᠠᠲᠤᠯᠠᠬᠤ;
  6. ᠭᠠᠵᠠᠷ ᠨᠤᠲᠤᠭ᠂ ᠭᠤᠳᠤᠮᠵᠢ᠂ ᠵᠠᠮ᠂ ᠲᠠᠯᠠᠪᠠᠢ ᠳᠤ ᠭᠠᠳᠠᠭᠠᠳᠤ ᠨᠡᠷ᠎ᠡ ᠣᠨᠣᠭᠠᠬᠤ ᠡᠰᠡᠬᠦ ᠠᠰᠠᠭᠤᠳᠠᠯ ᠢᠶᠠᠷ ᠰᠠᠨᠠᠯ᠂ ᠳ᠋ᠦᠩᠨᠡᠯᠲᠡ ᠭᠠᠷᠭᠠᠵᠤ ᠨᠤᠲᠤᠭ ᠤᠨ ᠥᠪᠡᠷ ᠢᠶᠡᠨ ᠤᠳᠤᠷᠢᠳᠬᠤ ᠪᠠᠶᠢᠭᠤᠯᠤᠯᠭ᠎ᠠ ᠳᠤ ᠢᠯᠡᠭᠡᠬᠦ;
  7. ᠲᠥᠷᠦ ᠶᠢᠨ ᠠᠯᠪᠠᠨ ᠳᠤ ᠠᠩᠬ᠎ᠠ ᠣᠷᠣᠬᠤ ᠢᠷᠭᠡᠨ ᠡᠴᠡ ᠠᠪᠬᠤ ᠮᠣᠩᠭᠣᠯ ᠬᠡᠯᠡᠨ ᠦ ᠲᠥᠪᠰᠢᠨ ᠲᠣᠭᠲᠠᠭᠠᠬᠤ ᠰᠢᠯᠭᠠᠯᠲᠠ ᠶᠢᠨ ᠠᠭᠤᠯᠭ᠎ᠠ ᠶᠢ ᠡᠨᠡ ᠬᠠᠤᠯᠢ ᠶᠢᠨ 13 ᠳ᠋ᠤᠭᠠᠷ ᠵᠦᠢᠯ ᠳᠦ ᠵᠢᠭᠠᠭᠰᠠᠨ ᠡᠷᠬᠡ ᠪᠦᠬᠦᠢ ᠪᠠᠶᠢᠭᠤᠯᠤᠯᠭ᠎ᠠ ᠠᠴᠠ ᠢᠷᠡᠭᠦᠯᠦᠭᠰᠡᠨ ᠦ ᠳᠠᠭᠠᠤ ᠬᠡᠯᠡᠯᠴᠡᠨ ᠪᠠᠲᠤᠯᠠᠬᠤ;
  8. ᠮᠣᠩᠭᠣᠯ ᠬᠡᠯᠡᠨ ᠦ ᠲᠤᠬᠠᠢ ᠬᠠᠤᠯᠢ ᠶᠢᠨ 22.1 ᠍ ᠲᠤ ᠵᠢᠭᠠᠭᠰᠠᠨ ᠡᠷᠬᠡ ᠪᠦᠬᠦᠢ ᠰᠤᠳᠤᠯᠭᠠᠨ ᠤ ᠪᠠᠶᠢᠭᠤᠯᠤᠯᠭ᠎ᠠ ᠶᠢᠨ ᠳ᠋ᠦᠩᠨᠡᠯᠲᠡ ᠳᠦ ᠦᠨᠳᠦᠰᠦᠯᠡᠨ ᠺᠢᠷᠢᠯ ᠪᠣᠯᠤᠨ ᠦᠨᠳᠦᠰᠦᠨ ᠦ ᠪᠢᠴᠢᠭ ᠷᠦᠦ ᠬᠠᠷᠢᠯᠴᠠᠨ ᠬᠥᠷᠪᠡᠭᠦᠯᠬᠦ᠂ ᠵᠥᠪ ᠪᠢᠴᠢᠬᠦ ᠳᠦᠷᠢᠮ ᠦᠨ ᠠᠯᠳᠠᠭ᠎ᠠ ᠬᠢᠨᠠᠬᠤ ᠫᠷᠣᠭᠷᠠᠮ ᠢ ᠬᠡᠯᠡᠯᠴᠡᠨ ᠪᠠᠲᠤᠯᠠᠬᠤ;
  9. ᠲᠥᠷᠥ ᠶᠢᠨ ᠪᠠᠶᠢᠭᠤᠯᠤᠯᠭ᠎ᠠ᠂ ᠬᠡᠪᠯᠡᠯ ᠮᠡᠳᠡᠭᠡᠯᠡᠯ ᠦᠨ ᠪᠠᠶᠢᠭᠤᠯᠤᠯᠭ᠎ᠠ ᠮᠣᠩᠭᠣᠯ ᠬᠡᠯᠡᠨ ᠦ ᠬᠡᠮ ᠬᠡᠮᠵᠢᠶ᠎ᠡ ᠶᠢ ᠪᠠᠷᠢᠮᠲᠠᠯᠠᠵᠤ ᠪᠠᠶᠢᠭ᠎ᠠ ᠡᠰᠡᠬᠦ ᠳᠦ ᠬᠢᠨᠠᠯᠲᠠ ᠲᠠᠯᠪᠢᠵᠤ᠂ ᠳ᠋ᠦᠩᠨᠡᠯᠲᠡ ᠭᠠᠷᠭᠠᠬᠤ;
  10. ᠮᠣᠩᠭᠣᠯ ᠬᠡᠯᠡᠨ ᠦ ᠲᠤᠬᠠᠢ ᠬᠠᠤᠯᠢ ᠶᠢᠨ ᠬᠡᠷᠡᠭᠵᠢᠯᠲᠡ ᠳᠦ ᠵᠢᠯ ᠪᠦᠷᠢ ᠦᠨᠡᠯᠡᠭᠡ ᠬᠢᠵᠦ᠂ ᠦᠷ᠎ᠡ ᠳᠦᠩ ᠢ ᠮᠣᠩᠭᠣᠯ ᠤᠯᠤᠰ ᠤᠨ ᠶᠡᠷᠦᠩᠬᠡᠶᠢᠯᠡᠭᠴᠢ ᠳᠦ ᠲᠠᠶᠢᠯᠤᠩᠨᠠᠬᠤ;
  11. ᠮᠣᠩᠭᠣᠯ ᠬᠡᠯᠡᠨ ᠦ ᠲᠤᠬᠠᠢ ᠬᠠᠤᠯᠢ ᠶᠢᠨ ᠬᠡᠷᠡᠭᠵᠢᠯᠲᠡ᠂ ᠵᠥᠷᠢᠴᠡᠯ ᠦᠨ ᠲᠠᠯ᠎ᠠ ᠪᠠᠷ ᠮᠡᠳᠡᠭᠡᠯᠡᠯ ᠬᠦᠯᠢᠶᠡᠨ ᠠᠪᠴᠤ᠂ ᠬᠣᠯᠪᠣᠭᠳᠠᠬᠤ ᠡᠷᠬᠡ ᠪᠦᠬᠦᠢ ᠪᠠᠶᠢᠭᠤᠯᠤᠯᠭ᠎ᠠ ᠳᠤ ᠬᠠᠨᠳᠤᠨ ᠰᠢᠢᠳᠪᠦᠷᠢᠯᠡᠭᠦᠯᠬᠦ;
  12. ᠮᠣᠩᠭᠣᠯ ᠬᠡᠯᠡᠨ ᠦ ᠲᠤᠬᠠᠢ ᠬᠠᠤᠯᠢ ᠶᠢᠨ 22.1 ᠍ ᠳᠦ ᠵᠢᠭᠠᠭᠰᠠᠨ ᠡᠷᠬᠡ ᠪᠦᠬᠦᠢ ᠰᠤᠳᠤᠯᠭᠠᠨ ᠤ ᠪᠠᠶᠢᠭᠤᠯᠤᠯᠭ᠎ᠠ ᠲᠠᠢ ᠬᠠᠮᠲᠤᠷᠠᠨ ᠮᠣᠩᠭᠣᠯ ᠬᠡᠯᠡ᠂ ᠪᠢᠴᠢᠭ ᠦᠰᠦᠭ ᠦᠨ ᠬᠡᠷᠡᠭᠯᠡᠭᠡ ᠶᠢ ᠣᠯᠠᠨ ᠨᠡᠶᠢᠲᠡ ᠳᠦ ᠰᠤᠷᠲᠠᠯᠴᠢᠯᠠᠬᠤ᠂ ᠲᠦᠭᠡᠭᠡᠨ ᠳᠡᠯᠭᠡᠷᠡᠭᠦᠯᠬᠦ ᠠᠵᠢᠯ ᠢ ᠬᠡᠷᠡᠭᠵᠢᠭᠦᠯᠬᠦ ᠡᠭᠦᠷᠭᠡ ᠲᠡᠢ᠃



ᠪᠢᠴᠢᠭᠰᠡᠨ᠄ ᠠᠵᠢᠯ ᠤᠨ ᠠᠯᠪᠠ


Бичсэн: ажлын алба