MN / MNG

2022-02-09
ᠪᠠᠶᠠᠨᠬᠣᠩᠭᠣᠷ ᠠᠶᠢᠮᠠᠭ ᠤᠨ ᠬᠡᠯᠡᠨ ᠦ ᠪᠣᠳᠣᠯᠭ᠎ᠠ ᠶᠢᠨ ᠰᠠᠯᠪᠤᠷᠢ ᠵᠥᠪᠯᠡᠯ ᠬᠤᠷᠠᠯᠳᠤᠪᠠ

ᠪᠠᠶᠠᠨᠬᠣᠩᠭᠣᠷ ᠠᠶᠢᠮᠠᠭ ᠤᠨ ᠬᠡᠯᠡᠨ ᠦ ᠪᠣᠳᠣᠯᠭ᠎ᠠ ᠶᠢᠨ ᠰᠠᠯᠪᠤᠷᠢ ᠵᠥᠪᠯᠡᠯ ᠬᠤᠷᠠᠯᠳᠤᠪᠠ


2022 ᠣᠨ ᠤ 4 ᠳᠦᠭᠡᠷ ᠰᠠᠷ᠎ᠠ ᠶᠢᠨ 5 ᠍ ᠤ ᠡᠳᠦᠷ ᠪᠠᠶᠠᠨᠬᠣᠩᠭᠣᠷ ᠠᠶᠢᠮᠠᠭ ᠤᠨ ᠬᠡᠯᠡᠨ ᠦ ᠪᠣᠳᠣᠯᠭ᠎ᠠ ᠶᠢᠨ ᠰᠠᠯᠪᠤᠷᠢ ᠵᠥᠪᠯᠡᠯ ᠡᠨᠡ ᠣᠨ ᠤ ᠠᠩᠬᠠᠳᠤᠭᠠᠷ ᠬᠤᠷᠠᠯ ᠢᠶᠠᠨ ᠬᠢᠯ᠎ᠡ᠃ ᠠᠶᠢᠮᠠᠭ ᠤᠨ ᠵᠠᠰᠠᠭ ᠳᠠᠷᠤᠭ᠎ᠠ ᠪᠥᠭᠡᠳ ᠬᠡᠯᠡᠨ ᠦ ᠪᠣᠳᠣᠯᠭ᠎ᠠ ᠶᠢᠨ ᠰᠠᠯᠪᠤᠷᠢ ᠵᠥᠪᠯᠡᠯ ᠦᠨ ᠳᠠᠷᠤᠭ᠎ᠠ ᠳ ∙ ᠮᠥᠩᠬᠡᠰᠠᠶᠢᠬᠠᠨ ᠨᠡᠶᠢᠲᠡ ᠢᠷᠭᠡᠳ ᠦᠨ ᠳᠤᠮᠳᠠ ᠡᠬᠡ ᠬᠡᠯᠡ ᠰᠤᠶᠤᠯ ᠢᠶᠠᠨ ᠲᠦᠭᠡᠭᠡᠨ ᠳᠡᠯᠭᠡᠷᠡᠭᠦᠯᠬᠦ᠂ ᠲᠥᠷᠥ ᠶᠢᠨ ᠠᠯᠪᠠᠨ ᠬᠠᠭᠠᠭᠴᠢᠳ ᠤᠨ ᠠᠯᠪᠠᠨ ᠬᠡᠷᠡᠭ ᠬᠥᠲᠦᠯᠦᠯᠲᠡ ᠶᠢᠨ ᠰᠤᠶᠤᠯ ᠢ ᠰᠠᠶᠢᠵᠢᠷᠠᠭᠤᠯᠬᠤ᠂ ᠬᠡᠦᠬᠡᠳ ᠵᠠᠯᠠᠭᠤᠰ ᠲᠤ ᠰᠤᠷᠲᠠᠯᠴᠢᠯᠠᠬᠤ ᠠᠷᠭ᠎ᠠ ᠬᠡᠮᠵᠢᠶ᠎ᠡ ᠶᠢ ᠳᠠᠯᠠᠶᠢᠴᠠᠲᠠᠢ᠂ ᠦᠷ᠎ᠡ ᠨᠥᠯᠥᠭᠡ ᠲᠡᠢ ᠵᠣᠬᠢᠶᠠᠨ ᠪᠠᠶᠢᠭᠤᠯᠬᠤ ᠨᠢ ᠵᠦᠢᠲᠡᠢ ᠭᠡᠵᠦ ᠴᠣᠬᠣᠨ ᠲᠡᠮᠳᠡᠭᠯᠡᠪᠡ᠃





ᠬᠡᠯᠡᠨ ᠦ ᠪᠣᠳᠣᠯᠭ᠎ᠠ ᠶᠢᠨ ᠰᠠᠯᠪᠤᠷᠢ ᠵᠥᠪᠯᠡᠯ ᠤᠭ ᠬᠤᠷᠠᠯ ᠢᠶᠠᠷ ᠡᠨᠡ ᠣᠨ ᠳᠤ ᠬᠡᠷᠡᠭᠵᠢᠭᠦᠯᠬᠦ᠂ ᠵᠣᠬᠢᠶᠠᠨ ᠪᠠᠶᠢᠭᠤᠯᠬᠤ ᠠᠵᠢᠯ ᠤᠨ ᠨᠢᠭᠡᠳᠦᠭᠰᠡᠨ ᠲᠥᠯᠥᠪᠯᠡᠭᠡ ᠶᠢ ᠪᠠᠲᠤᠯᠠᠪᠠ᠃ ᠪᠠᠶᠠᠨᠬᠣᠩᠭᠣᠷ ᠠᠶᠢᠮᠠᠭ ᠪᠠᠶᠢᠭᠤᠯᠤᠭᠳᠠᠰᠤᠨ ᠤ ᠲᠡᠦᠬᠡᠲᠦ 80 ᠵᠢᠯ ᠦᠨ ᠣᠢ ᠶᠢ ᠲᠣᠬᠢᠶᠠᠯᠳᠤᠭᠤᠯᠤᠨ ᠳᠠᠷᠠᠭᠠᠬᠢ ᠦᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠᠷ ᠲᠦᠯᠦᠪᠯᠡᠪᠡ᠃

  • ᠲᠥᠷᠥ ᠶᠢᠨ ᠵᠠᠬᠢᠷᠭᠠᠨ ᠤ ᠨᠡᠶᠢᠲᠡ ᠠᠯᠪᠠ ᠬᠠᠭᠠᠭᠴᠢᠳ ᠤᠨ ᠳᠤᠮᠳᠠ ᠮᠣᠩᠭᠣᠯ ᠬᠡᠯᠡ ᠪᠢᠴᠢᠭ ᠢ ᠲᠦᠭᠡᠭᠡᠨ ᠳᠡᠯᠭᠡᠷᠡᠭᠦᠯᠬᠦ᠂ ᠲᠥᠷᠥ ᠶᠢᠨ ᠠᠯᠪᠠᠨ ᠬᠡᠷᠡᠭ ᠬᠥᠲᠦᠯᠦᠯᠲᠡ ᠶᠢ ᠲᠡᠭᠦᠯᠳᠡᠷᠵᠢᠭᠦᠯᠬᠦ ᠵᠣᠷᠢᠯᠭ᠎ᠠ ᠪᠠᠷ ᠪᠢᠴᠢᠭ ᠦᠨ ᠬᠡᠯᠡ ᠨᠠᠶᠢᠷᠠᠭᠤᠯᠭ᠎ᠠ ᠶᠢᠨ ᠰᠣᠷᠢᠯ ᠰᠢᠯᠭᠠᠯᠲᠠ ᠶᠢ ᠵᠣᠬᠢᠶᠠᠨ ᠪᠠᠶᠢᠭᠤᠯᠤᠨ᠎ᠠ᠃
  • ᠦᠨᠳᠦᠰᠦᠨ ᠦ ᠪᠢᠴᠢᠭ ᠦᠨ ᠰᠣᠷᠢᠯ ᠰᠢᠯᠭᠠᠯᠲᠠ ᠶᠢ ᠵᠣᠬᠢᠶᠠᠨ ᠪᠠᠶᠢᠭᠤᠯᠤᠨ᠎ᠠ. (ᠲᠣᠳᠣᠷᠬᠠᠢ ᠪᠦᠯᠦᠭ ᠦᠳ ᠲᠦ)
  • ᠮᠣᠩᠭᠣᠯ ᠬᠡᠯᠡ ᠪᠢᠴᠢᠭ᠂ ᠰᠤᠶᠤᠯ ᠤᠨ ᠦᠵᠡᠰᠬᠦᠯᠡᠩ ᠭᠠᠷᠭᠠᠵᠤ ᠰᠤᠷᠲᠠᠯᠴᠢᠯᠠᠨ᠎ᠠ᠃
  • ᠦᠨᠳᠦᠰᠦᠨ ᠦ ᠪᠢᠴᠢᠭ ᠦᠨ ᠤᠯᠤᠰ ᠤᠨ ᠣᠯᠢᠮᠫᠢᠶᠠᠳ᠋᠂ ᠤᠷᠤᠯᠳᠤᠭᠠᠨ ᠳᠤ ᠠᠶᠢᠮᠠᠭ ᠢᠶᠠᠨ ᠲᠥᠯᠥᠭᠡᠯᠡᠨ ᠤᠷᠤᠯᠴᠠᠬᠤ ᠬᠡᠦᠬᠡᠳ ᠪᠠᠭᠠᠴᠤᠳ ᠲᠤ ᠣᠷᠣᠨ ᠨᠤᠲᠤᠭ ᠠᠴᠠ ᠳᠡᠮᠵᠢᠯᠭᠡ ᠦᠵᠡᠭᠦᠯᠵᠦ ᠠᠵᠢᠯᠯᠠᠨ᠎ᠠ᠃


ᠪᠠᠶᠠᠨᠬᠣᠩᠭᠣᠷ ᠠᠶᠢᠮᠠᠭ ᠤᠨ ᠬᠡᠯᠡᠨ ᠦ ᠪᠣᠳᠣᠯᠭ᠎ᠠ ᠶᠢᠨ ᠰᠠᠯᠪᠤᠷᠢ ᠵᠥᠪᠯᠡᠯ ᠨᠢ ᠮᠣᠩᠭᠣᠯ ᠬᠡᠯᠡᠨ ᠦ ᠲᠤᠬᠠᠢ ᠬᠠᠤᠯᠢ ᠶᠢᠨ 7.2᠂ 24.2 ᠍ ᠳᠦ ᠵᠢᠭᠠᠭᠰᠠᠨ ᠤ ᠳᠠᠭᠠᠤ 2025 ᠣᠨ ᠠᠴᠠ ᠲᠥᠷᠥ ᠶᠢᠨ ᠠᠯᠪᠠᠨ ᠬᠡᠷᠡᠭ ᠢ ᠺᠢᠷᠢᠯ ᠪᠣᠯᠤᠨ ᠦᠨᠳᠦᠰᠦᠨ ᠦ ᠮᠣᠩᠭᠣᠯ ᠪᠢᠴᠢᠭ ᠢᠶᠡᠷ ᠬᠥᠲᠥᠯᠦᠨ ᠶᠠᠪᠤᠭᠤᠯᠬᠤ᠂ ᠴᠢᠨᠠᠭᠰᠢᠳᠠ ᠪᠦᠬᠦ ᠨᠡᠶᠢᠲᠡ ᠪᠡᠷ ᠮᠣᠩᠭᠣᠯ ᠪᠢᠴᠢᠭ ᠲᠦ ᠰᠢᠯᠵᠢᠬᠦ ᠪᠡᠯᠡᠳᠬᠡᠯ ᠢ ᠬᠠᠩᠭᠠᠬᠤ ᠵᠣᠷᠢᠯᠭ᠎ᠠ ᠪᠠᠷ ᠲᠥᠷᠥ ᠶᠢᠨ ᠪᠠᠶᠢᠭᠤᠯᠤᠯᠭ᠎ᠠ ᠶᠢᠨ ᠠᠯᠪᠠᠨ ᠬᠠᠭᠠᠭᠴᠢᠳ ᠲᠤ ᠮᠣᠳᠣᠯ ᠰᠤᠷᠭᠠᠯᠲᠠ ᠶᠢ 2021 ᠣᠨ ᠠᠴᠠ ᠬᠣᠶᠢᠰᠢ ᠲᠠᠰᠤᠷᠠᠯᠲᠠ ᠦᠭᠡᠢ ᠵᠣᠬᠢᠶᠠᠨ ᠪᠠᠶᠢᠭᠤᠯᠵᠤ ᠢᠷᠡᠭᠰᠡᠨ ᠪᠠᠶᠢᠨ᠎ᠠ᠃


ᠪᠢᠴᠢᠭᠰᠡᠨ᠄ ᠬᠡᠯᠡᠨ ᠤ ᠪᠤᠳᠤᠯᠭ᠎ᠠ ᠢᠢᠨ ᠦᠨᠳᠦᠰᠦᠨ ᠦ ᠵᠦᠪᠯᠡᠯ


Бичсэн: ХБҮЗ