MN / MNG

2022-07-14
ᠰᠣᠶᠣᠯ ᠤᠨ ᠲᠤᠬᠠᠢ ᠬᠠᠤᠯᠢ

ᠰᠣᠶᠣᠯ ᠤᠨ ᠲᠤᠬᠠᠢ ᠬᠠᠤᠯᠢ


ᠮᠣᠩᠭᠣᠯ ᠤᠯᠤᠰ ᠤᠨ ᠬᠠᠤᠯᠢ


1996 ᠣᠨ ᠤ 4 ᠳ᠋ᠦ᠋ᠭᠡᠷ ᠰᠠᠷ᠎ᠠ ᠶᠢᠨ 11 ᠍ ᠦ ᠡᠳᠦᠷ

ᠤᠯᠠᠭᠠᠨᠪᠠᠭᠠᠲᠤᠷ ᠬᠣᠲᠠ

ᠰᠤᠶᠤᠯ ᠤᠨ ᠲᠤᠬᠠᠢ


ᠨᠢᠭᠡᠳᠦᠭᠡᠷ ᠪᠦᠯᠦᠭ

ᠨᠡᠶᠢᠲᠡᠯᠢᠭ ᠦᠨᠳᠦᠰᠦᠯᠡᠯ

1 ᠳ᠋ᠦ᠋ᠭᠡᠷ ᠵᠦᠢᠯ. ᠬᠠᠤᠯᠢ ᠶᠢᠨ ᠵᠣᠷᠢᠯᠲᠠ


ᠡᠨᠡ ᠬᠠᠤᠯᠢ ᠶᠢᠨ ᠵᠣᠷᠢᠯᠲᠠ ᠨᠢ ᠮᠣᠩᠭᠣᠯ ᠤᠯᠤᠰ ᠲᠤ ᠰᠤᠶᠤᠯ ᠤᠨ ᠦᠢᠯᠡ ᠠᠵᠢᠯᠯᠠᠭ᠎ᠠ ᠡᠷᠬᠢᠯᠡᠬᠦ ᠡᠷᠬᠡ ᠵᠦᠢ ᠶᠢᠨ ᠦᠨᠳᠦᠰᠦ᠂ ᠰᠤᠶᠤᠯ ᠤᠨ ᠦᠢᠯᠡ ᠠᠵᠢᠯᠯᠠᠭᠠᠨ ᠳᠤ ᠣᠷᠣᠯᠴᠠᠭᠴᠢᠳ ᠤᠨ ᠡᠷᠬᠡ᠂ ᠡᠭᠦᠷᠭᠡ᠂ ᠰᠤᠶᠤᠯ ᠤᠨ ᠤᠳᠤᠷᠢᠳᠤᠯᠭ᠎ᠠ ᠶᠢᠨ ᠲᠣᠭᠲᠠᠯᠴᠠᠭ᠎ᠠ᠂ ᠰᠤᠶᠤᠯ ᠤᠨ ᠠᠵᠢᠯᠲᠠᠨ ᠤ ᠨᠡᠶᠢᠭᠡᠮ ᠤᠨ ᠬᠠᠯᠠᠮᠵᠢ ᠪᠠᠲᠤᠯᠠᠭ᠎ᠠ᠂ ᠰᠤᠶᠤᠯ ᠤᠨ ᠪᠠᠶᠢᠭᠤᠯᠤᠯᠭ᠎ᠠ ᠶᠢᠨ ᠥᠮᠴᠢ᠂ ᠰᠠᠩᠬᠦᠵᠢᠯᠲᠡ ᠶᠢᠨ ᠵᠠᠷᠴᠢᠮ᠂ ᠠᠷᠭ᠎ᠠ ᠬᠡᠯᠪᠡᠷᠢ ᠶᠢ ᠲᠣᠭᠲᠠᠭᠠᠵᠤ᠂ ᠤᠭ ᠦᠢᠯᠡ ᠠᠵᠢᠯᠯᠠᠭᠠᠨ ᠳᠤ ᠣᠷᠣᠯᠴᠠᠭᠴᠢᠳ ᠤᠨ ᠬᠣᠭᠣᠷᠣᠨᠳᠣ ᠡᠭᠦᠰᠬᠦ ᠬᠠᠷᠢᠯᠴᠠᠭ᠎ᠠ ᠶᠢ ᠵᠣᠬᠢᠴᠠᠭᠤᠯᠬᠤ ᠳᠤ ᠣᠷᠣᠰᠢᠨ᠎ᠠ᠃

2 ᠳ᠋ᠤᠭᠠᠷ ᠵᠦᠢᠯ. ᠮᠣᠩᠭᠣᠯ ᠤᠯᠤᠰ ᠤᠨ ᠰᠣᠶᠣᠯ ᠤᠨ ᠬᠠᠤᠯᠢ ᠲᠣᠭᠲᠠᠭᠠᠮᠵᠢ


1. ᠮᠣᠩᠭᠣᠯ ᠤᠯᠤᠰ ᠤᠨ ᠰᠣᠶᠣᠯ ᠤᠨ ᠬᠠᠤᠯᠢ ᠲᠣᠭᠲᠠᠭᠠᠮᠵᠢ ᠨᠢ ᠮᠣᠩᠭᠣᠯ ᠤᠯᠤᠰ ᠤᠨ ᠦᠨᠳᠦᠰᠦᠨ ᠬᠠᠤᠯᠢ᠂ ᠢᠷᠭᠡᠨ ᠦ ᠬᠠᠤᠯᠢ᠂ ᠡᠨᠡ ᠬᠠᠤᠯᠢ ᠪᠣᠯᠤᠨ ᠲᠡᠳᠡᠭᠡᠷ ᠲᠡᠢ ᠨᠡᠶᠢᠴᠡᠭᠦᠯᠦᠨ ᠭᠠᠷᠭᠠᠭᠰᠠᠨ ᠬᠠᠤᠯᠢ ᠲᠣᠭᠲᠠᠭᠠᠮᠵᠢ ᠶᠢᠨ ᠪᠤᠰᠤᠳ ᠠᠺᠲ ᠠᠴᠠ ᠪᠦᠷᠢᠳᠦᠨ᠎ᠡ᠃

2. ᠮᠣᠩᠭᠣᠯ ᠤᠯᠤᠰ ᠤᠨ ᠣᠯᠠᠨ ᠤᠯᠤᠰ ᠤᠨ ᠭᠡᠷᠢᠶᠡᠨ ᠳᠦ ᠡᠨᠡ ᠬᠠᠤᠯᠢ ᠳᠤ ᠵᠢᠭᠠᠭᠰᠠᠨ ᠠᠴᠠ ᠥᠭᠡᠷ᠎ᠡ ᠪᠡᠷ ᠵᠢᠭᠠᠭᠰᠠᠨ ᠪᠣᠯ ᠣᠯᠠᠨ ᠤᠯᠤᠰ ᠤᠨ ᠭᠡᠷ᠎ᠡ ᠶᠢᠨ ᠵᠢᠭᠠᠯᠲᠠ ᠶᠢ ᠳᠠᠭᠠᠵᠤ ᠮᠥᠷᠳᠡᠨ᠎ᠡ᠃


ᠪᠢᠴᠢᠭᠰᠡᠨ᠄ ᠬᠡᠯᠡᠨ ᠤ ᠪᠤᠳᠤᠯᠭ᠎ᠠ ᠢᠢᠨ ᠦᠨᠳᠦᠰᠦᠨ ᠦ ᠵᠦᠪᠯᠡᠯ


Бичсэн: ХБҮЗ