MN / MNG

2022-08-16
《ᠨᠡᠷ᠎ᠡ ᠲᠣᠮᠢᠶ᠎ᠠ ᠪᠠ ᠰᠢᠨᠵᠢᠯᠡᠬᠦ ᠤᠬᠠᠭᠠᠨ᠂ ᠲᠧᠭᠨᠣᠯᠣᠭᠢ ᠶᠢᠨ ᠬᠥᠭ᠋᠌ᠵᠢᠯ》 ᠰᠡᠳᠦᠪᠲᠦ ᠣᠯᠠᠨ ᠤᠯᠤᠰ ᠤᠨ ᠡᠷᠳᠡᠮ ᠰᠢᠨᠵᠢᠯᠡᠭᠡᠨ ᠦ ᠬᠤᠷᠠᠯ ᠪᠣᠯᠤᠯ᠎ᠠ᠃

《ᠨᠡᠷ᠎ᠡ ᠲᠣᠮᠢᠶ᠎ᠠ ᠪᠠ ᠰᠢᠨᠵᠢᠯᠡᠬᠦ ᠤᠬᠠᠭᠠᠨ᠂ ᠲᠧᠭᠨᠣᠯᠣᠭᠢ ᠶᠢᠨ ᠬᠥᠭ᠋᠌ᠵᠢᠯ》 ᠰᠡᠳᠦᠪᠲᠦ ᠣᠯᠠᠨ ᠤᠯᠤᠰ ᠤᠨ ᠡᠷᠳᠡᠮ ᠰᠢᠨᠵᠢᠯᠡᠭᠡᠨ ᠦ ᠬᠤᠷᠠᠯ ᠪᠣᠯᠤᠯ᠎ᠠ᠃


ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ᠂ ᠱᠢᠨᠵᠢᠯᠡᠬᠦ ᠤᠬᠠᠭᠠᠨ ᠦ ᠠᠻᠠᠳᠧᠮᠢ ᠍ ᠶᠢᠨ ᠬᠡᠯᠡ ᠵᠣᠬᠢᠶᠠᠯ ᠤᠨ ᠬᠦᠷᠢᠶᠡᠯᠡᠩ᠂ ᠮᠣᠩᠭᠣᠯ ᠤᠯᠤᠰ ᠤᠨ ᠶᠡᠬᠡ ᠬᠤᠷᠠᠯ ᠤᠨ ᠲᠠᠮᠠᠭ᠎ᠠ ᠶᠢᠨ ᠭᠠᠵᠠᠷ᠂ ᠬᠠᠤᠯᠢ ᠵᠦᠢ᠂ ᠳᠣᠲᠣᠭᠠᠳᠤ ᠬᠡᠷᠡᠭ ᠦᠨ ᠶᠠᠮᠤᠨ᠂ ᠪᠣᠯᠪᠠᠰᠤᠷᠠᠯ᠂ ᠰᠢᠨᠵᠢᠯᠡᠬᠦ ᠤᠬᠠᠭᠠᠨ ᠤ ᠶᠠᠮᠤᠨ᠂ ᠰᠤᠶᠤᠯ ᠤᠨ ᠶᠠᠮᠤᠨ᠂ ᠣᠯᠠᠨ ᠤᠯᠤᠰ ᠤᠨ ᠨᠡᠷ᠎ᠡ ᠲᠣᠮᠢᠶᠠᠨ ᠤ ᠮᠡᠳᠡᠭᠡᠯᠡᠯ ᠦᠨ ᠢᠨᠹᠣᠲ᠋ᠧᠷᠮ ᠲᠥᠪ᠂ ᠰᠲ᠋ᠠᠨᠳᠠᠷᠲ ᠬᠡᠮᠵᠢᠯ ᠵᠦᠢ ᠶᠢᠨ ᠭᠠᠵᠠᠷ᠂ ᠬᠠᠤᠯᠢ ᠵᠦᠢ ᠶᠢᠨ ᠦᠨᠳᠦᠰᠦᠨ ᠦ ᠬᠦᠷᠢᠶᠡᠯᠡᠩ᠂ ᠮᠣᠩᠭᠣᠯ ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ᠂ ᠰᠢᠨᠵᠢᠯᠡᠬᠦ ᠤᠬᠠᠭᠠᠨ᠂ ᠲᠧᠭᠨᠣᠯᠣᠭᠢ ᠶᠢᠨ ᠶᠡᠬᠡ ᠰᠤᠷᠭᠠᠭᠤᠯᠢ᠂ ᠮᠣᠩᠭᠣᠯ ᠤᠯᠤᠰ ᠤᠨ ᠪᠣᠯᠪᠠᠰᠤᠷᠠᠯ ᠤᠨ ᠶᠡᠬᠡ ᠰᠤᠷᠭᠠᠭᠤᠯᠢ ᠵᠡᠷᠭᠡ ᠪᠠᠶᠢᠭᠤᠯᠤᠯᠭ᠎ᠠ ᠬᠠᠮᠲᠤᠷᠠᠨ ᠤᠯᠤᠰ ᠤᠨ ᠶᠡᠬᠡ ᠬᠤᠷᠠᠯ ᠤᠨ ᠳᠠᠷᠤᠭ᠎ᠠ ᠭ ∙ ᠽᠠᠨᠳᠠᠨᠰᠢᠲᠠᠷ᠋᠎᠎᠎ᠠ᠎᠎᠎᠎ ᠢᠢᠨ ᠢᠪᠡᠭᠡᠯ ᠳᠣᠣᠷ᠎ᠠ 2022 ᠣᠨ ᠤ 7 ᠳ᠋ᠤᠭᠠᠷ ᠰᠠᠷ᠎ᠠ ᠶᠢᠨ 8 ᠍ ᠤ ᠡᠳᠦᠷ ᠲᠥᠷᠥ ᠶᠢᠨ ᠣᠷᠳᠣᠨ ᠳᠤ 《ᠨᠡᠷ᠎ᠡ ᠲᠣᠮᠢᠶ᠎ᠠ ᠪᠠ ᠰᠢᠨᠵᠢᠯᠡᠬᠦ ᠤᠬᠠᠭᠠᠨ᠂ ᠲᠧᠭᠨᠣᠯᠣᠭᠢ ᠶᠢᠨ ᠬᠥᠭᠵᠢᠯ》 ᠰᠡᠳᠦᠪᠲᠦ ᠣᠯᠠᠨ ᠤᠯᠤᠰ ᠤᠨ ᠡᠷᠳᠡᠮ ᠰᠢᠨᠵᠢᠯᠡᠭᠡᠨ ᠦ ᠬᠤᠷᠠᠯ ᠵᠣᠬᠢᠶᠠᠨ ᠪᠠᠶᠢᠭᠤᠯᠤᠯ᠎ᠠ᠃


ᠡᠷᠳᠡᠮ ᠰᠢᠨᠵᠢᠯᠡᠭᠡᠨ ᠦ ᠬᠤᠷᠠᠯ ᠲᠠᠩᠬᠢᠮ ᠪᠣᠯᠤᠨ ᠴᠠᠬᠢᠮ ᠬᠡᠯᠪᠡᠷᠢ ᠪᠡᠷ ᠪᠣᠯᠵᠤ ᠨᠡᠶᠢᠲᠡ 14 ᠣᠷᠣᠨ ᠤ 60 ᠭᠠᠷᠤᠢ ᠡᠷᠳᠡᠮᠲᠡᠨ ᠰᠤᠳᠤᠯᠤᠭᠠᠴᠢ ᠣᠷᠣᠯᠴᠠᠯ᠎ᠠ᠃


ᠬᠤᠷᠠᠯ ᠳᠤ ᠣᠷᠣᠯᠴᠠᠭᠴᠢᠳ ᠣᠯᠠᠨ ᠤᠯᠤᠰ ᠤᠨ ᠨᠡᠷ᠎ᠡ ᠲᠣᠮᠢᠶᠠᠨ ᠤ ᠲᠤᠷᠰᠢᠯᠭ᠎ᠠ᠂ ᠬᠡᠯᠡᠨ ᠦ ᠲᠧᠭᠨᠣᠯᠣᠭᠢ᠂ ᠰᠲ᠋ᠠᠨᠳᠠᠷᠲᠴᠢᠯᠠᠯ ᠤᠨ ᠲᠠᠯ᠎ᠠ ᠪᠠᠷ ᠢᠯᠡᠳᠬᠡᠯ ᠬᠡᠯᠡᠯᠴᠡᠭᠦᠯᠵᠦ᠂ ᠨᠡᠷ᠎ᠡ ᠲᠣᠮᠢᠶᠠᠨ ᠤ ᠡᠭᠦᠷᠭᠡ᠂ ᠨᠡᠶᠢᠭᠡᠮ ᠦᠨ ᠬᠡᠷᠡᠭᠯᠡᠭᠡᠨ ᠳᠦ ᠨᠡᠷ᠎ᠡ ᠲᠣᠮᠢᠶ᠎ᠠ᠂ ᠤᠬᠠᠭᠳᠠᠬᠤᠨ ᠢ ᠵᠢᠭᠳᠡᠯᠡᠬᠦ᠂ ᠬᠡᠪᠰᠢᠭᠦᠯᠬᠦ᠂ ᠴᠠᠬᠢᠮ ᠲᠣᠯᠢ ᠪᠢᠴᠢᠭ ᠵᠣᠬᠢᠶᠠᠬᠤ᠂ ᠰᠢᠨᠵᠢᠯᠡᠬᠦ ᠤᠬᠠᠭᠠᠨ ᠤ ᠨᠡᠷᠡᠰᠢᠯ᠂ ᠥᠭᠭᠥᠭᠳᠡᠯ ᠦᠨ ᠰᠠᠩ ᠡᠭᠦᠰᠬᠡᠬᠦ ᠵᠡᠷᠭᠡ ᠣᠯᠠᠨ ᠠᠰᠠᠭᠤᠳᠠᠯ ᠢᠶᠠᠷ ᠰᠢᠢᠳᠦᠯ ᠳᠡᠪᠰᠢᠭᠦᠯᠵᠦ᠂ ᠬᠠᠷᠢᠯᠴᠠᠨ ᠲᠤᠷᠰᠢᠯᠭ᠎ᠠ ᠰᠣᠯᠢᠯᠴᠠᠯ᠎ᠠ᠃







ᠪᠢᠴᠢᠭᠰᠡᠨ᠄ ᠬᠡᠯᠡᠨ ᠤ ᠪᠤᠳᠤᠯᠭ᠎ᠠ ᠢᠢᠨ ᠦᠨᠳᠦᠰᠦᠨ ᠦ ᠵᠦᠪᠯᠡᠯ


Бичсэн: ХБҮЗ

ᠪᠤᠰᠤᠳ ᠨᠡᠶᠢᠲᠡᠯᠡᠯ