MN / MNG

2022-08-14
ᠰᠢᠳᠤᠷᠭᠤ ᠥᠷᠢᠰᠦᠯᠳᠦᠭᠡᠨ᠂ ᠬᠡᠷᠡᠭᠯᠡᠭᠴᠢ ᠶᠢᠨ ᠲᠥᠯᠥᠭᠡ ᠭᠠᠵᠠᠷ ᠲᠠᠢ ᠬᠠᠮᠲᠤᠷᠠᠨ ᠠᠵᠢᠯᠯᠠᠬᠤ ᠰᠠᠨᠠᠮᠵᠢ ᠪᠢᠴᠢᠭ ᠪᠠᠶᠢᠭᠤᠯᠤᠯ᠎ᠠ᠃

ᠰᠢᠳᠤᠷᠭᠤ ᠥᠷᠢᠰᠦᠯᠳᠦᠭᠡᠨ᠂ ᠬᠡᠷᠡᠭᠯᠡᠭᠴᠢ ᠶᠢᠨ ᠲᠥᠯᠥᠭᠡ ᠭᠠᠵᠠᠷ ᠲᠠᠢ ᠬᠠᠮᠲᠤᠷᠠᠨ ᠠᠵᠢᠯᠯᠠᠬᠤ ᠰᠠᠨᠠᠮᠵᠢ ᠪᠢᠴᠢᠭ ᠪᠠᠶᠢᠭᠤᠯᠤᠯ᠎ᠠ᠃


ᠭᠤᠳᠤᠮᠵᠢ᠂ ᠵᠠᠮ᠂ ᠲᠠᠯᠠᠪᠠᠢ᠂ ᠬᠠᠤᠯᠢ ᠶᠢᠨ ᠡᠲᠡᠭᠡᠳ ᠦᠨ ᠨᠡᠷ᠎ᠡ᠂ ᠬᠠᠶ᠋ᠢᠭ ᠤᠨ ᠲᠡᠮᠳᠡᠭᠲᠦ ᠲᠠᠯᠪᠢᠬᠤ ᠶᠡᠷᠦᠩᠬᠡᠢ ᠱᠠᠭᠠᠷᠳᠠᠯᠭ᠎ᠠ ᠰᠲ᠋ᠠᠨᠳᠠᠷᠲ ᠤᠨ ᠬᠡᠷᠡᠭᠵᠢᠯᠲᠡ ᠶᠢ ᠬᠠᠩᠭᠠᠬᠤ᠂ ᠬᠣᠯᠪᠣᠭᠳᠠᠬᠤ ᠬᠠᠤᠯᠢ ᠶᠢᠨ ᠬᠡᠷᠡᠭᠵᠢᠯᠲᠡ ᠶᠢ ᠬᠠᠩᠭᠠᠭᠤᠯᠬᠤ ᠬᠦᠷᠢᠶᠡᠨ ᠳᠦ ᠰᠢᠳᠤᠷᠭᠤ ᠥᠷᠢᠰᠦᠯᠳᠦᠭᠡᠨ᠂ ᠬᠡᠷᠡᠭᠯᠡᠭᠴᠢ ᠶᠢᠨ ᠲᠥᠯᠦᠭᠡ ᠭᠠᠵᠠᠷ᠂ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠳᠡᠷᠭᠡᠳᠡᠬᠢ ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ ᠲᠡᠢ ᠬᠠᠮᠲᠤᠷᠠᠨ ᠠᠵᠢᠯᠯᠠᠬᠤ ᠰᠠᠨᠠᠮᠵᠢ ᠪᠢᠴᠢᠭ ᠪᠠᠶᠢᠭᠤᠯᠪᠠ᠃ ᠰᠠᠨᠠᠮᠵᠢ ᠪᠢᠴᠢᠭ ᠲᠦ ᠰᠢᠳᠤᠷᠭᠤ ᠥᠷᠢᠰᠦᠯᠳᠡᠭᠡᠨ᠂ ᠬᠡᠷᠡᠭᠯᠡᠭᠴᠢ ᠶᠢᠨ ᠲᠥᠯᠦᠭᠡ ᠭᠠᠵᠠᠷ ᠤᠨ ᠳᠠᠷᠤᠭ᠎ᠠ ᠰ ∙ ᠮᠥᠩᠬᠡᠴᠢᠯᠠᠭᠤᠨ᠂ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠳᠡᠷᠭᠡᠳᠡᠬᠢ ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ ᠦᠨ ᠠᠵᠢᠯ ᠤᠨ ᠠᠯᠪᠠᠨ ᠤ ᠳᠠᠷᠤᠭ᠎ᠠ ᠨ ∙ ᠨᠠᠷᠠᠨᠭᠡᠷᠡᠯ ᠨᠠᠷ ᠥᠨᠥᠳᠥᠷ ᠭᠠᠷ ᠤᠨ ᠦᠰᠦᠭ ᠵᠢᠷᠤᠯ᠎ᠠ᠃

ᠲᠠᠯ᠎ᠠ ᠨᠤᠭᠤᠳ ᠮᠣᠩᠭᠣᠯ ᠬᠡᠯᠡᠨ ᠦ ᠲᠤᠬᠠᠢ᠂ ᠬᠠᠶ᠋ᠢᠭᠵᠢᠭᠤᠯᠤᠯᠲᠠ ᠶᠢᠨ ᠲᠤᠬᠠᠢ᠂ ᠵᠠᠷ ᠰᠤᠷᠲᠠᠯᠴᠢᠯᠠᠭᠠᠨ ᠤ ᠲᠤᠬᠠᠢ ᠬᠠᠤᠯᠢ ᠪᠣᠯᠤᠨ ᠭᠤᠳᠤᠮᠵᠢ᠂ ᠵᠠᠮ᠂ ᠲᠠᠯᠠᠪᠠᠢ᠂ ᠬᠠᠤᠯᠢ ᠶᠢᠨ ᠡᠲᠡᠭᠡᠳ ᠦᠨ ᠨᠡᠷ᠎ᠡ᠂ ᠬᠠᠶ᠋ᠢᠭ ᠤᠨ ᠲᠡᠮᠳᠡᠭᠲᠦ ᠲᠠᠯᠪᠢᠬᠤ ᠶᠡᠷᠦᠩᠬᠡᠢ ᠱᠠᠭᠠᠷᠳᠠᠯᠭ᠎ᠠ MNS 5283᠄2022 ᠰᠲ᠋ᠠᠨᠳᠠᠷᠲ ᠤᠨ ᠬᠡᠷᠡᠭᠵᠢᠯᠲᠡ ᠶᠢ ᠬᠠᠩᠭᠠᠬᠤ ᠴᠢᠭᠯᠡᠯ ᠳᠦ ᠬᠠᠮᠲᠤᠷᠠᠨ ᠠᠵᠢᠯᠯᠠᠬᠤ ᠪᠠᠷ ᠪᠣᠯᠤᠯ᠎ᠠ᠃ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠳᠡᠷᠭᠡᠳᠡᠬᠢ ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ ᠨᠢ ᠪᠣᠳᠣᠯᠭ᠎ᠠ ᠶᠢᠨ ᠲᠦᠪᠰᠢᠨ ᠳᠦ ᠴᠢᠭᠯᠡᠯ᠂ ᠵᠥᠪᠯᠡᠮᠵᠢ ᠥᠭᠴᠦ ᠠᠵᠢᠯᠯᠠᠬᠤ ᠪᠣᠯ ᠰᠢᠳᠤᠷᠭᠤ ᠥᠷᠢᠰᠦᠯᠳᠦᠭᠡᠨ᠂ ᠬᠡᠷᠡᠭᠯᠡᠭᠴᠢ ᠶᠢᠨ ᠲᠥᠯᠥᠭᠡ ᠭᠠᠵᠠᠷ ᠨᠢ ᠬᠠᠮᠲᠤ ᠶᠢᠨ ᠠᠵᠢᠯᠯᠠᠭᠠᠨ ᠤ ᠬᠦᠷᠢᠶᠡᠨ ᠳᠦ ᠭᠤᠳᠤᠮᠵᠢ᠂ ᠵᠠᠮ᠂ ᠲᠠᠯᠠᠪᠠᠢ᠂ ᠬᠠᠤᠯᠢ ᠶᠢᠨ ᠡᠲᠡᠭᠡᠳ ᠦᠨ ᠨᠡᠷ᠎ᠡ᠂ ᠬᠠᠶ᠋ᠢᠭ ᠤᠨ ᠲᠡᠮᠳᠡᠭᠲᠦ ᠪᠣᠯᠤᠨ ᠣᠯᠠᠨ ᠨᠡᠶᠢᠲᠡ ᠳᠦ ᠵᠣᠷᠢᠭᠤᠯᠤᠭᠰᠠᠨ ᠵᠠᠷ᠂ ᠢᠯᠡ ᠵᠠᠳᠠᠭᠠᠢ ᠪᠠᠶᠢᠷᠢᠯᠠᠭᠤᠯᠤᠭᠰᠠᠨ ᠰᠤᠷᠲᠠᠯᠴᠢᠯᠠᠭᠠᠨ ᠤ ᠰᠠᠮᠪᠠᠷ᠎ᠠ ᠶᠢᠨ ᠮᠡᠳᠡᠭᠡᠯᠡᠯ᠂ ᠪᠠᠷᠠᠭ᠎ᠠ ᠪᠦᠲᠦᠭᠡᠭᠳᠡᠬᠦᠨ᠂ ᠦᠢᠯᠡᠴᠢᠯᠡᠭᠡᠨ ᠦ ᠬᠠᠶ᠋ᠢᠭ᠂ ᠱᠣᠰᠢᠭ᠎ᠠ ᠨᠢ ᠮᠣᠩᠭᠣᠯ ᠬᠡᠯᠡᠨ ᠦ ᠲᠤᠬᠠᠢ ᠬᠠᠤᠯᠢ᠂ ᠲᠣᠭᠲᠠᠭᠠᠮᠵᠢ ᠪᠣᠯᠤᠨ ᠬᠣᠯᠪᠣᠭᠳᠠᠬᠤ ᠰᠲ᠋ᠠᠨᠳᠠᠷᠲ ᠲᠤ ᠨᠡᠶᠢᠴᠡᠵᠦ ᠪᠠᠶᠢᠭ᠎ᠠ ᠡᠰᠡᠬᠦ ᠶᠢ ᠰᠢᠯᠭᠠᠵᠤ᠂ ᠬᠡᠷᠡᠭᠵᠢᠯᠲᠡ ᠶᠢ ᠬᠠᠩᠭᠠᠭᠤᠯᠵᠤ ᠪᠠᠶᠢᠭᠤᠯᠤᠯᠭ᠎ᠠ ᠢᠷᠭᠡᠳ ᠲᠦ ᠵᠥᠪᠯᠡᠮᠵᠢ᠂ ᠴᠢᠭᠯᠡᠯ ᠥᠭᠴᠦ ᠠᠵᠢᠯᠯᠠᠬᠤ ᠶᠤᠮ᠃




ᠪᠢᠴᠢᠭᠰᠡᠨ᠄ ᠬᠡᠯᠡᠨ ᠤ ᠪᠤᠳᠤᠯᠭ᠎ᠠ ᠢᠢᠨ ᠦᠨᠳᠦᠰᠦᠨ ᠦ ᠵᠦᠪᠯᠡᠯ


Бичсэн: ХБҮЗ

ᠪᠤᠰᠤᠳ ᠨᠡᠶᠢᠲᠡᠯᠡᠯ