MN / MNG

2022-08-17
《ᠮᠣᠩᠭᠣᠯ ᠪᠢᠴᠢᠭ ᠦᠨ ᠴᠠᠬᠢᠮ ᠪᠢᠴᠢᠪᠦᠷᠢ-2022》 ᠤᠯᠤᠰ ᠤᠨ ᠤᠷᠤᠯᠳᠤᠭᠠᠨ ᠤ ᠰᠢᠯᠢᠳᠡᠭ ᠦᠳ ᠲᠦ ᠱᠠᠩᠨᠠᠯ ᠭᠠᠷᠳᠠᠭᠤᠯᠬᠤ ᠶᠣᠰᠣᠯᠠᠯ ᠪᠣᠯᠤᠯ᠎ᠠ

《ᠮᠣᠩᠭᠣᠯ ᠪᠢᠴᠢᠭ ᠦᠨ ᠴᠠᠬᠢᠮ ᠪᠢᠴᠢᠪᠦᠷᠢ-2022》 ᠤᠯᠤᠰ ᠤᠨ ᠤᠷᠤᠯᠳᠤᠭᠠᠨ ᠤ ᠰᠢᠯᠢᠳᠡᠭ ᠦᠳ ᠲᠦ ᠱᠠᠩᠨᠠᠯ ᠭᠠᠷᠳᠠᠭᠤᠯᠬᠤ ᠶᠣᠰᠣᠯᠠᠯ ᠪᠣᠯᠤᠯ᠎ᠠ


《ᠮᠣᠩᠭᠣᠯ ᠪᠢᠴᠢᠭ ᠦᠨ ᠴᠠᠬᠢᠮ ᠪᠢᠴᠢᠪᠦᠷᠢ-2022》 ᠤᠯᠤᠰ ᠤᠨ ᠤᠷᠤᠯᠳᠤᠭᠠᠨ ᠢ 2022 ᠣᠨ ᠤ 5 ᠳ᠋ᠤᠭᠠᠷ ᠰᠠᠷ᠎ᠠ ᠶᠢᠨ 04 ᠍ ᠦ ᠡᠳᠦᠷ ᠵᠣᠬᠢᠶᠠᠨ ᠪᠠᠶᠢᠭᠤᠯᠵᠤ ᠳ᠋ᠦᠩᠨᠡᠭᠰᠡᠨ ᠪᠥᠭᠡᠳ ᠥᠨᠥᠳᠥᠷ ᠰᠢᠯᠢᠳᠡᠭ ᠢᠶᠡᠷ ᠰᠢᠯᠭᠠᠷᠠᠭᠰᠠᠨ ᠣᠷᠣᠯᠴᠠᠭᠴᠢᠳ ᠲᠤ ᠱᠠᠩᠨᠠᠯ ᠢ ᠭᠠᠷᠳᠠᠭᠤᠯᠤᠯ᠎ᠠ᠃ ᠱᠠᠩᠨᠠᠯ ᠢ ᠮᠣᠩᠭᠣᠯ ᠤᠯᠤᠰ ᠤᠨ ᠦᠨᠳᠦᠰᠦᠨ ᠦ ᠨᠣᠮ ᠤᠨ ᠰᠠᠩ ᠤᠨ ᠵᠠᠬᠢᠷᠤᠯ ᠪ ∙ ᠢᠴᠢᠨᠬᠣᠷᠯᠸ᠎ᠠ᠂ ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ ᠦᠨ ᠠᠵᠢᠯ ᠤᠨ ᠠᠯᠪᠠᠨ ᠤ ᠳᠠᠷᠤᠭ᠎ᠠ ᠨ ∙ ᠨᠠᠷᠠᠨᠭᠡᠷᠡᠯ ᠨᠠᠷ ᠭᠠᠷᠳᠠᠭᠤᠯᠵᠤ᠂ ᠪᠠᠶᠠᠷ ᠬᠦᠷᠭᠡᠨ ᠠᠮᠵᠢᠯᠲᠠ ᠬᠦᠰᠡᠯ᠎ᠡ᠃


ᠤᠷᠤᠯᠳᠤᠭᠠᠨ ᠳᠤ ᠣᠷᠣᠯᠴᠠᠬᠤ ᠪᠠᠷ 606 ᠣᠷᠣᠯᠴᠠᠭᠴᠢ ᠪᠦᠷᠢᠳᠬᠡᠭᠦᠯᠦᠭᠰᠡᠨ ᠡᠴᠡ 500 ᠭᠠᠷᠤᠢ ᠣᠷᠣᠯᠴᠠᠭᠴᠢ ᠴᠠᠬᠢᠮ ᠢᠶᠠᠷ ᠪᠡᠶᠡᠴᠢᠯᠡᠨ ᠣᠷᠣᠯᠴᠠᠵᠤ᠂ ᠶᠦᠨᠢᠺᠣᠳ᠋ ᠍ ᠤᠨ ᠪᠣᠯᠤᠨ ᠶᠦᠨᠢᠺᠣᠳ᠋ ᠍ ᠤᠨ ᠪᠤᠰᠤ ᠹᠣᠨᠲ ᠢᠶᠠᠷ ᠴᠠᠬᠢᠮ ᠳᠤ ᠪᠢᠴᠢᠬᠦ ᠭᠡᠰᠡᠨ ᠬᠣᠶᠠᠷ ᠲᠥᠷᠥᠯ ᠢᠶᠡᠷ ᠮᠡᠷᠭᠡᠵᠢᠯ ᠦᠨ ᠪᠠ ᠮᠡᠷᠭᠡᠵᠢᠯ ᠦᠨ ᠪᠤᠰᠤ ᠠᠩᠭᠢᠯᠠᠯ ᠳᠤ; ᠭᠠᠷ ᠤᠲᠠᠰᠤᠨ ᠤ Chimee ᠬᠡᠷᠡᠭᠯᠡᠭᠦᠷ ᠠᠰᠢᠭᠯᠠᠨ ᠪᠦᠲᠦᠭᠡᠯ ᠪᠡᠯᠡᠳᠬᠡᠵᠦ ᠢᠷᠡᠭᠦᠯᠬᠦ ᠰᠤᠷᠤᠭᠴᠢᠳ ᠤᠨ ᠠᠩᠭᠢᠯᠠᠯ ᠳᠤ ᠥᠷᠢᠰᠦᠯᠳᠦᠵᠦ᠂ 5 ᠠᠩᠭᠢᠯᠠᠯ ᠤᠨ ᠡᠬᠢᠨ ᠦ 3 ᠪᠠᠶᠢᠷᠢ ᠳᠤ ᠰᠢᠯᠭᠠᠷᠠᠭᠰᠠᠨ ᠰᠢᠯᠢᠳᠡᠭ 15 ᠣᠷᠣᠯᠴᠠᠭᠴᠢ ᠥᠨᠥᠳᠥᠷ ᠱᠠᠩᠨᠠᠯ ᠢᠶᠠᠨ ᠭᠠᠷᠳᠠᠨ ᠠᠪᠤᠭᠰᠠᠨ ᠶᠤᠮ᠃

ᠶᠣᠰᠣᠯᠠᠯ ᠤᠨ ᠲᠡᠭᠦᠰᠬᠡᠯ ᠳᠦ ᠦᠨᠳᠦᠰᠦᠨ ᠦ ᠨᠣᠮ ᠤᠨ ᠰᠠᠩ ᠤᠨ ᠵᠠᠬᠢᠷᠤᠯ ᠪ ∙ ᠢᠴᠢᠨᠬᠣᠷᠯᠸ᠎ᠠ ᠤᠯᠤᠰ ᠤᠨ ᠤᠷᠤᠯᠳᠤᠭᠠᠨ ᠳᠤ ᠣᠷᠣᠯᠴᠠᠵᠤ ᠰᠢᠯᠭᠠᠷᠠᠭᠰᠠᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠦᠨ ᠰᠤᠷᠤᠭᠴᠢᠳ ᠢ ᠠᠩᠭᠢ ᠬᠠᠮᠲᠤ ᠣᠯᠠᠨ ᠤ ᠪᠠᠨ ᠬᠠᠮᠲᠤ ᠪᠠᠷ ᠦᠨᠳᠦᠰᠦᠨ ᠦ ᠨᠣᠮ ᠤᠨ ᠰᠠᠩ ᠤᠨ ᠦᠨᠡᠲᠦ ᠬᠣᠪᠣᠷ ᠨᠣᠮ ᠤᠨ ᠮᠦᠽᠧᠢ ᠶᠢ ᠦᠨ᠎ᠡ ᠲᠥᠯᠦᠪᠦᠷᠢ ᠦᠭᠡᠢ ᠪᠡᠷ ᠦᠵᠡᠬᠦ ᠶᠢ ᠤᠷᠢᠯ᠎ᠠ᠃

ᠮᠥᠨ ᠡᠨᠡ ᠦᠶ᠎ᠡ ᠪᠡᠷ 《ᠪᠦᠲᠦᠭᠡᠯᠴᠢ ᠪᠢᠴᠢᠭᠲᠡᠨ-2022》 ᠮᠣᠩᠭᠣᠯ ᠤᠷᠠᠨ ᠪᠢᠴᠢᠯᠭᠡ ᠶᠢᠨ ᠦᠵᠡᠰᠬᠦᠯᠡᠩ ᠨᠡᠭᠡᠭᠡᠯᠲᠡ ᠪᠡᠨ ᠬᠢᠯ᠎ᠡ᠃ ᠦᠵᠡᠰᠬᠦᠯᠡᠩ ᠳᠦ 15 ᠤᠷᠠᠨ ᠪᠦᠲᠦᠭᠡᠯᠴᠢ ᠶᠢᠨ 20 ᠪᠦᠲᠦᠭᠡᠯ ᠲᠠᠯᠪᠢᠭᠳᠠᠭᠰᠠᠨ ᠪᠠᠶᠢᠨ᠎ᠠ᠃ ᠦᠵᠡᠰᠬᠦᠯᠡᠩ ᠢ 2022 ᠣᠨ ᠤ 5 ᠳ᠋ᠤᠭᠠᠷ ᠰᠠᠷ᠎ᠠ ᠶᠢ ᠳᠠᠭᠤᠰᠲᠠᠯ᠎ᠠ ᠮᠣᠩᠭᠣᠯ ᠤᠯᠤᠰ ᠤᠨ ᠦᠨᠳᠦᠰᠦᠨ ᠦ ᠨᠣᠮ ᠤᠨ ᠰᠠᠩ ᠤᠨ 1-3 ᠳ᠋ᠤᠭᠠᠷ ᠳᠠᠪᠬᠤᠷ ᠲᠤ ᠳᠡᠯᠭᠡᠨ ᠲᠣᠯᠢᠯᠠᠭᠤᠯᠬᠤ ᠶᠤᠮ ᠪᠠᠶᠢᠨ᠎ᠠ᠃


ᠪᠢᠴᠢᠭᠰᠡᠨ᠄ ᠬᠡᠯᠡᠨ ᠤ ᠪᠤᠳᠤᠯᠭ᠎ᠠ ᠢᠢᠨ ᠦᠨᠳᠦᠰᠦᠨ ᠦ ᠵᠦᠪᠯᠡᠯ


Бичсэн: Хэлний бодлогын үндэсний зөвлөл

ᠪᠤᠰᠤᠳ ᠨᠡᠶᠢᠲᠡᠯᠡᠯ