MN / MNG

2022-09-02
《ᠬᠦᠢᠰᠦ ᠲᠣᠯᠣᠭᠠᠢ  ᠢᠢᠨ ᠪᠢᠴᠢᠭᠡᠰᠦ᠎᠎– 1420 ᠵᠢᠯ 》 ᠨᠤᠮ ᠤᠨ ᠨᠡᠭᠡᠭᠡᠯᠲᠡ ᠪᠤᠯᠤᠯ᠎ᠠ

《ᠬᠦᠢᠰᠦ ᠲᠣᠯᠣᠭᠠᠢ  ᠢᠢᠨ ᠪᠢᠴᠢᠭᠡᠰᠦ᠎᠎– 1420 ᠵᠢᠯ 》 ᠨᠤᠮ ᠤᠨ ᠨᠡᠭᠡᠭᠡᠯᠲᠡ ᠪᠤᠯᠤᠯ᠎ᠠ


ᠦᠨᠥᠳᠥᠷ ᠡᠬᠡ ᠬᠡᠯᠡᠨ ᠤ ᠡᠳᠥᠷ ᠲᠤᠬᠢᠶᠠᠵᠤ ᠪᠡᠢᠨ ᠎ᠠ᠃ ᠮᠣᠩᠭᠣᠯ ᠤᠯᠤᠰ ᠤᠨ ᠶᠡᠷᠦᠩᠬᠡᠶᠢᠯᠡᠭᠴᠢ ᠢᠢᠨ 2017 ᠤᠨ ᠤ 25 ᠳᠤᠭᠠᠷ ᠵᠠᠷᠯᠢᠭ ᠶᠣᠰᠣᠭᠠᠷ ᠵᠢᠯ ᠪᠥᠷᠢ ᠢᠢᠨ 9 ᠰᠠᠷ ᠠ ᠢᠢᠨ 1 ᠤ ᠡᠳᠥᠷ ᠢ 《ᠡᠬᠡ ᠬᠡᠯᠡᠨ ᠤ ᠡᠳᠥᠷ》 ᠪᠤᠯᠭᠠᠨ ᠲᠡᠮᠳᠡᠭᠯᠡᠳᠡᠭ᠌ ᠤᠯᠠᠮᠵᠢᠯᠠᠯ ᠲᠠᠢ᠃

《ᠡᠬᠡ ᠬᠡᠯᠡᠨ ᠤ ᠡᠳᠦᠷ》 ᠢ ᠲᠣᠬᠢᠶᠠᠯᠳᠤᠭᠤᠯᠤᠨ ᠮᠣᠩᠭᠣᠯ ᠤᠯᠤᠰ ᠤᠨ ᠶᠡᠷᠦᠩᠬᠡᠶᠢᠯᠡᠭᠴᠢ ᠢᠢᠨ ᠳᠡᠷᠭᠡᠳᠡᠬᠢ ᠬᠡᠯᠡᠨ ᠤ ᠪᠣᠳᠣᠯᠭ᠎ᠠ ᠢᠢᠨ ᠦᠨᠳᠦᠰᠦᠨ ᠤ ᠵᠥᠪᠯᠡᠯ ᠡᠴᠡ ᠰᠠᠨᠠᠭᠠᠴᠢᠯᠠᠨ ᠰᠢᠨᠵᠢᠯᠡᠬᠦ ᠤᠬᠠᠭᠠᠨ ᠤ ᠠᠺᠠᠳᠧᠮᠢ ᠢᠢᠨ ᠠᠷᠬᠧᠣᠯᠣᠭᠢ  ᠢᠢᠨ ᠬᠦᠷᠢᠶᠡᠯᠡᠩ᠂ ᠮᠣᠩᠭᠣᠯ ᠤᠯᠤᠰ ᠤᠨ ᠦᠨᠳᠦᠰᠦᠨ ᠤ ᠨᠣᠮ ᠤᠨ ᠰᠠᠩ᠂ ᠮᠣᠩᠭᠣᠯ ᠪᠷᠠᠾᠮᠢ ᠪᠢᠴᠢᠭ ᠤᠨ ᠣᠯᠠᠨ ᠤᠯᠤᠰ ᠤᠨ ᠨᠡᠶᠢᠭᠡᠮᠯᠢᠭ ᠲᠡᠢ ᠬᠠᠮᠲᠥᠷᠠᠨ 《ᠬᠦᠢᠰᠦ ᠲᠣᠯᠣᠭᠠᠢ  ᠢᠢᠨ ᠪᠢᠴᠢᠭᠡᠰᠦ᠎᠎– 1420 ᠵᠢᠯ》ᠨᠣᠮ ᠤᠨ ᠨᠡᠭᠡᠭᠡᠯᠲᠡ ᠢᠢ ᠮᠤᠩᠭᠤᠯ ᠤᠯᠤᠰ ᠤᠨ ᠦᠨᠳᠦᠰᠦᠨ ᠤ ᠨᠤᠮ ᠤᠨ ᠰᠠᠩ ᠤᠨ ᠶᠡᠷᠦᠩᠬᠡᠶᠢᠯᠡᠭᠴᠢ  ᠢᠢᠨ ᠨᠡᠷᠡᠮᠵᠢᠲᠤ ᠲᠠᠩᠬᠢᠮ ᠳᠤ ᠵᠣᠬᠢᠶᠠᠨ ᠪᠠᠶᠢᠭᠤᠯᠤᠯ᠎ᠠ᠃ ᠤᠭ ᠠᠷᠭ᠎ᠠ ᠬᠡᠮᠵᠢᠢ ᠡ ᠮᠣᠩᠭᠣᠯ ᠤᠯᠤᠰ ᠤᠨ ᠰᠤᠶᠤᠯ ᠭᠠᠪᠢᠶᠠᠲᠤ ᠵᠢᠳᠬᠥᠯᠲᠡᠨ᠂ ᠲᠤᠤᠯᠢᠴᠢ ᠠ᠊ · ᠪᠠᠯᠳᠠᠨᠳᠣᠷᠵᠢ ᠠᠯᠲᠠᠢ ᠢᠢᠨ ᠮᠠᠭᠲᠠᠭᠠᠯ ᠢᠷᠡᠭᠰᠡᠨ ᠵᠣᠴᠢᠳ ᠲᠤ ᠦᠵᠡᠭᠦᠯᠦᠭᠰᠡᠨ ᠢᠢᠡᠷ ᠡᠬᠢᠯᠡᠯ᠎ᠡ᠃

  ᠬᠡᠯᠡᠨ ᠤ ᠪᠤᠳᠤᠯᠭ᠎ᠠ ᠢᠢᠨ ᠥᠨᠳᠥᠰᠥᠨ ᠤ ᠵᠥᠪᠯᠡᠯ ᠤᠨ ᠳᠠᠷᠤᠭ᠎ᠠ᠂ ᠮᠤᠩᠭᠤᠯ ᠤᠯᠤᠰ ᠤᠨ ᠠᠷᠠᠳ ᠤᠨ ᠪᠠᠭᠰᠢ᠂ ᠰᠢᠨᠵᠢᠯᠡᠬᠦ ᠤᠬᠠᠭᠠᠨ ᠤ ᠳ᠋ᠣᠺᠲ᠋ᠣᠷ᠂ ᠰ · ᠳᠤᠯᠮ᠎ᠠ ᠨᠣᠮ ᠤᠨ ᠪᠠᠶᠠᠷ ᠢ ᠨᠡᠭᠡᠭᠡᠵᠦ ᠦᠭᠡ ᠬᠡᠯᠡᠪᠡ᠃ ᠰᠢᠨᠵᠢᠯᠡᠬᠦ ᠤᠬᠠᠭᠠᠨ ᠤ ᠠᠺᠠᠳᠧᠮᠢ  ᠢᠢᠨ ᠠᠷᠬᠧᠣᠯᠣᠭᠢ ᠢᠢᠨ ᠬᠦᠷᠢᠶᠡᠯᠡᠩ ᠤᠨ ᠵᠠᠬᠢᠷᠤᠯ ᠫᠷᠣᠹᠧᠰᠰᠣᠷ ᠡᠷᠢᠭ᠍ᠵᠢᠨ᠂ ᠮᠣᠩᠭᠣᠯ ᠤᠯᠤᠰ ᠤᠨ ᠰᠤᠶᠤᠯ ᠭᠠᠪᠢᠶᠠᠲᠤ ᠵᠢᠳᠬᠦᠯᠲᠡᠨ ᠪᠠᠳᠮᠠᠰᠠᠮᠪᠤᠤ ᠨᠠᠷ 《ᠬᠦᠢᠰᠦ ᠲᠣᠯᠣᠭᠠᠢ  ᠢᠢᠨ ᠪᠢᠴᠢᠭᠡᠰᠦ᠎᠎– 1420 ᠵᠢᠯ 》ᠣᠯᠠᠨ ᠤᠯᠤᠰ ᠤᠨ ᠡᠷᠳᠡᠮ ᠰᠢᠨᠵᠢᠯᠡᠭᠡᠨ ᠤ ᠬᠤᠷᠠᠯ ᠤᠨ ᠠᠴᠢ ᠬᠣᠯᠪᠣᠭᠳᠠᠯ᠂ ᠰᠤᠳᠤᠯᠭᠠᠨ ᠤ ᠲᠠᠯ ᠠ ᠪᠠᠷ ᠲᠠᠨᠢᠯᠴᠠᠭᠤᠯᠵᠤ ᠤᠭ ᠬᠤᠷᠠᠯ ᠳᠤ ᠤᠷᠤᠯᠴᠠᠭᠰᠠᠨ ᠰᠤᠳᠤᠯᠤᠭᠠᠴᠢᠳ᠂ ᠡᠷᠳᠡᠮᠲᠡᠨ ᠲᠤ ᠲᠠᠯᠠᠷᠬᠠᠯ ᠢᠯᠡᠷᠬᠡᠶᠢᠯᠡᠯ᠎ᠡ᠃
ᠨᠣᠮ ᠤᠨ ᠨᠡᠭᠡᠭᠡᠯᠲᠡ ᠳᠦ ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ ᠦᠨ ᠭᠡᠰᠢᠭᠦᠨ᠂ ᠮᠣᠩᠭᠣᠯ ᠤᠯᠤᠰ ᠤᠨ ᠠᠷᠠᠳ ᠤᠨ ᠪᠠᠭᠰᠢ᠂ ᠰᠢᠨᠵᠢᠯᠡᠬᠦ ᠤᠬᠠᠭᠠᠨ ᠤ ᠳ᠋ᠣᠺᠲ᠋ᠣᠷ᠂ ᠫᠷᠣᠹᠧᠰᠰᠣᠷ ᠴᠡ᠊ ∙ ᠥᠨᠢᠷᠪᠠᠶᠠᠨ᠂ ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ ᠦᠨ ᠭᠡᠰᠢᠭᠦᠨ᠂ ᠰᠢᠨᠵᠢᠯᠡᠬᠦ ᠤᠬᠠᠭᠠᠨ ᠤ ᠭᠠᠪᠢᠶᠠᠲᠤ ᠵᠢᠳᠬᠦᠯᠲᠡᠨ᠂ ᠰᠢᠨᠵᠢᠯᠡᠬᠦ ᠤᠬᠠᠭᠠᠨ ᠤ ᠳ᠋ᠣᠺᠲ᠋ᠣᠷ᠂ ᠫᠷᠣᠹᠧᠰᠰᠣᠷ ᠮ ∙ ᠪᠠᠵᠠᠷᠷᠠᠭᠴᠠ᠂ ᠰᠢᠨᠵᠢᠯᠡᠬᠦ ᠤᠬᠠᠭᠠᠨ ᠤ ᠳ᠋ᠣᠺᠲ᠋ᠣᠷ᠂ ᠠᠺᠠᠳᠧᠮᠢᠴᠢ ᠳᠤ᠊ ∙ ᠲᠡᠮᠦᠷᠲᠣᠭᠣᠭ᠎ᠠ᠂ ᠰᠢᠨᠵᠢᠯᠡᠬᠦ ᠤᠬᠠᠭᠠᠨ ᠤ ᠠᠺᠠᠳᠧᠮᠢ ᠶᠢᠨ ᠬᠡᠯᠡ ᠵᠣᠬᠢᠶᠠᠯ ᠤᠨ ᠬᠦᠷᠢᠶᠡᠯᠡᠩ ᠦᠨ ᠬᠡᠯᠡ ᠰᠢᠨᠵᠢᠯᠡᠯ ᠦᠨ ᠰᠠᠯᠪᠤᠷᠢ ᠶᠢᠨ ᠡᠷᠬᠢᠯᠡᠭᠴᠢ᠂ ᠳ᠋ᠣᠺᠲ᠋ᠣᠷ ᠡ᠊ ∙ ᠫᠦᠷᠪᠦᠵᠠᠪ᠂ ᠮᠣᠩᠭᠣᠯ ᠤᠯᠤᠰ ᠤᠨ ᠶᠡᠬᠡ ᠰᠤᠷᠭᠠᠭᠤᠯᠢ  ᠢᠢᠨ ᠰᠢᠨᠵᠢᠯᠡᠬᠦ ᠤᠬᠠᠭᠠᠨ ᠤ ᠰᠤᠷᠭᠠᠭᠤᠯᠢ ᠶᠢᠨ ᠮᠣᠩᠭᠣᠯ ᠬᠡᠯᠡ᠂ ᠬᠡᠯᠡ ᠰᠢᠨᠵᠢᠯᠡᠯ ᠦᠨ ᠲᠡᠩᠬᠢᠮ ᠦᠨ ᠡᠷᠬᠢᠯᠡᠭᠴᠢ᠂ ᠳ᠋ᠣᠺᠲ᠋ᠣᠷ ᠪ ∙ ᠲᠦᠪᠰᠢᠨᠲᠡᠭᠦᠰ᠂ ᠰᠢᠨᠵᠢᠯᠡᠬᠦ ᠤᠬᠠᠭᠠᠨ᠂ ᠲᠧᠭᠨᠣᠯᠣᠭᠢ ᠶᠢᠨ ᠶᠡᠬᠡ ᠰᠤᠷᠭᠠᠭᠤᠯᠢ ᠶᠢᠨ ᠪᠠᠭᠰᠢ᠂ ᠳ᠋ᠣᠺᠲ᠋ᠣᠷ᠂ ᠳᠡᠳ᠋ ᠫᠷᠣᠹᠧᠰᠰᠣᠷ ᠶᠦ᠊ ∙ ᠪᠣᠯᠣᠳᠪᠠᠭᠠᠲᠤᠷ᠂ ᠭᠠᠨᠳᠠᠩᠳᠡᠭᠴᠡᠩᠯᠢᠩ ᠬᠡᠶᠢᠳ ᠦᠨ ᠡᠷᠳᠡᠮ ᠰᠣᠶᠣᠯ ᠤᠨ ᠬᠦᠷᠢᠶᠡᠯᠡᠩ ᠦᠨ ᠡᠷᠳᠡᠮᠲᠡᠨ ᠨᠠᠷᠢᠨ ᠪᠢᠴᠢᠭ ᠦᠨ ᠳᠠᠷᠤᠭ᠎ᠠ ᠨ ∙ ᠠᠮᠤᠭᠤᠯᠠᠩ᠂ ᠶᠠᠫᠣᠨ ᠤ ᠣᠲ᠋ᠠᠨ ᠤ ᠶᠡᠬᠡ ᠰᠤᠷᠭᠠᠭᠤᠯᠢ ᠶᠢᠨ ᠪᠠᠭᠰᠢ᠂ ᠳ᠋ᠣᠺᠲ᠋ᠣᠷ᠂ ᠫᠷᠣᠹᠧᠰᠰᠣᠷ ᠲᠠᠺᠠᠰᠢ ᠮᠠᠼᠥᠶᠺᠠᠸᠠ᠂ ᠮᠣᠩᠭᠣᠯ ᠰᠤᠳᠤᠯᠤᠭᠠᠴᠢ ᠣᠰᠠᠪᠠ ᠨᠠᠷ ᠤᠨ ᠡᠷᠳᠡᠮᠲᠡᠳ᠂ ᠠᠷᠠᠳ ᠤᠨ ᠤᠷᠠᠨ ᠵᠣᠬᠢᠶᠠᠯᠴᠢ᠂ ᠵᠣᠬᠢᠶᠠᠯᠴᠢ᠂ ᠢᠷᠠᠭᠤ ᠨᠠᠶᠢᠷᠠᠭᠴᠢ ᠳ ∙ ᠤᠷᠢᠶᠠᠩᠬᠠᠢ᠂ ᠰᠣᠶᠣᠯ ᠤᠨ ᠭᠠᠪᠢᠶᠠᠲᠤ ᠵᠢᠳᠬᠦᠯᠲᠡᠨ᠂ ᠰᠡᠳᠬᠦᠯᠴᠢ᠂ ᠣᠷᠴᠢᠭᠤᠯᠤᠭᠴᠢ᠂ ᠰᠤᠳᠤᠯᠤᠭᠠᠴᠢ ᠭ ∙ ᠠᠺᠢᠮ᠂ ᠰᠣᠶᠣᠯ ᠤᠨ ᠭᠠᠪᠢᠶᠠᠲᠤ ᠵᠢᠳᠬᠦᠯᠲᠡᠨ᠂ ᠵᠣᠬᠢᠶᠠᠯᠴᠢ ᠭ ∙ ᠠᠶᠤᠷᠵᠠᠨ᠎ᠠ ᠨᠠᠷ ᠤᠨ ᠬᠦᠨᠳᠦ ᠲᠡᠢ ᠵᠣᠴᠢᠳ ᠬᠦᠷᠦᠯᠴᠡᠨ ᠢᠷᠡᠪᠡ᠃
ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠳᠡᠷᠭᠡᠳᠡᠬᠢ ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ᠂ ᠰᠢᠨᠵᠢᠯᠡᠬᠥ ᠤᠬᠠᠭᠠᠨ ᠤ ᠠᠷᠬᠧᠣᠯᠣᠭᠢ ᠶᠢᠨ ᠬᠦᠷᠢᠶᠡᠯᠡᠩ᠂ ᠮᠣᠩᠭᠣᠯ - ᠪᠷᠠᠾᠮᠢ ᠪᠢᠴᠢᠭ ᠦᠨ ᠣᠯᠤᠨ ᠤᠯᠤᠰ ᠤᠨ ᠨᠡᠶᠢᠭᠡᠮᠯᠢᠭ ᠬᠠᠮᠲᠤᠷᠠᠨ 《ᠬᠦᠢᠰᠦ ᠲᠣᠯᠣᠭᠠᠢ ᠶᠢᠨ ᠪᠢᠴᠢᠭᠡᠰᠦ》 ᠵᠣᠬᠢᠶᠠᠭᠳᠠᠭᠰᠠᠨ ᠤ 1420 ᠵᠢᠯ ᠦᠨ ᠣᠢ ᠶᠢ ᠲᠡᠮᠳᠡᠭᠯᠡᠨ 《ᠬᠦᠢᠰᠦ ᠲᠣᠯᠣᠭᠠᠢ ᠶᠢᠨ ᠪᠢᠴᠢᠭᠡᠰᠦ-1420 ᠵᠢᠯ》 ᠣᠯᠠᠨ ᠤᠯᠤᠰ ᠤᠨ ᠡᠷᠳᠡᠮ ᠰᠢᠨᠵᠢᠯᠡᠭᠡᠨ ᠦ ᠬᠤᠷᠠᠯ ᠢ 2022 ᠣᠨ ᠤ 3 ᠳ᠋ᠤᠭᠠᠷ ᠰᠠᠷ᠎ᠠ ᠳᠤ ᠵᠣᠬᠢᠶᠠᠨ ᠪᠠᠶᠢᠭᠤᠯᠤᠭᠰᠠᠨ᠃ ᠲᠤᠰ ᠬᠤᠷᠠᠯ ᠳᠤ ᠲᠡᠦᠬᠡ᠂ ᠬᠡᠯᠡ᠂ ᠰᠤᠶᠤᠯ᠂ ᠠᠷᠬᠧᠣᠯᠣᠭᠢ ᠶᠢᠨ ᠭᠡᠮᠡᠭᠰᠡᠨ ᠴᠢᠭᠯᠡᠯ ᠢᠶᠡᠷ᠂ ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ᠂ ᠰᠢᠨᠵᠢᠯᠡᠬᠥ ᠤᠬᠠᠭᠠᠨ ᠤ ᠠᠺᠠᠳᠧᠮᠢ ᠢᠢᠨ 3 ᠬᠦᠷᠢᠶᠡᠯᠡᠩ᠂ ᠮᠣᠩᠭᠣᠯ ᠤᠯᠤᠰ ᠤᠨ ᠶᠡᠬᠡ ᠰᠤᠷᠭᠠᠭᠤᠯᠢ ᠢᠢᠨ ᠰᠢᠨᠵᠢᠯᠡᠬᠦ ᠤᠬᠠᠭᠠᠨ ᠤ ᠰᠤᠷᠭᠠᠭᠤᠯᠢ ᠶᠢᠨ ᠬᠣᠶᠠᠷ ᠰᠤᠳᠤᠯᠭᠠᠨ ᠤ ᠰᠤᠷᠭᠠᠭᠤᠯᠢ᠂ ᠰᠢᠨᠵᠢᠯᠡᠬᠦ ᠤᠬᠠᠭᠠᠨ᠂ ᠲᠧᠭᠨᠣᠯᠣᠭᠢ ᠶᠢᠨ ᠶᠡᠬᠡ ᠰᠤᠷᠭᠠᠭᠤᠯᠢ᠂ ᠪᠥᠬᠥᠳᠠ ᠨᠡᠢᠷᠡᠮᠳᠠᠬᠤ ᠺᠠᠽᠠᠺᠰᠲ᠋ᠠᠨ ᠤᠯᠤᠰ ᠳᠠᠬᠢ ᠲᠦᠷᠦᠭ ᠰᠤᠳᠤᠯᠤᠯ ᠤᠨ ᠣᠯᠠᠨ ᠤᠯᠤᠰ ᠤᠨ ᠠᠺᠠᠳᠧᠮᠢ ᠪᠣᠯᠤᠨ ᠮᠣᠩᠭᠣᠯ-ᠪᠷᠠᠾᠮᠢ ᠪᠢᠴᠢᠭ ᠦᠨ ᠣᠯᠠᠨ ᠤᠯᠤᠰ ᠤᠨ ᠨᠡᠶᠢᠭᠡᠮᠯᠢᠭ ᠦᠨ ᠮᠣᠩᠭᠣᠯ᠂ ᠭᠧᠷᠮᠠᠨ᠂ ᠪᠥᠬᠥᠳᠠ ᠨᠡᠢᠷᠡᠮᠳᠠᠬᠤ ᠺᠠᠽᠠᠺᠰᠲ᠋ᠠᠨ ᠤᠯᠤᠰ᠂ ᠪᠥᠬᠥᠳᠠ ᠨᠡᠢᠷᠡᠮᠳᠠᠬᠤ ᠲᠥᠷᠻ ᠤᠯᠤᠰ᠂ ᠠᠮᠧᠷᠢᠺᠠ ᠶᠢᠨ ᠡᠷᠳᠡᠮᠲᠡᠨ ᠰᠤᠳᠤᠯᠤᠭᠠᠴᠢᠳ ᠤᠨ ᠨᠡᠶᠢᠲᠡ 13 ᠢᠯᠡᠳᠬᠡᠯ ᠢ ᠬᠡᠯᠡᠯᠴᠡᠭᠦᠯᠦᠭᠰᠡᠨ ᠪᠠ ᠡᠷᠳᠡᠮᠲᠡᠳ ᠦᠨ ᠬᠡᠯᠡᠯᠴᠡᠭᠦᠯᠦᠭᠰᠡᠨ ᠢᠯᠡᠳᠬᠡᠯ ᠢ 《ᠬᠦᠢᠰᠦ ᠲᠣᠯᠣᠭᠠᠢ ᠶᠢᠨ ᠪᠢᠴᠢᠭᠡᠰᠦ-1420 ᠵᠢᠯ》 ᠨᠣᠮ ᠪᠣᠯᠭᠠᠨ ᠡᠮᠬᠢᠳᠬᠡᠵᠦ ᠥᠨᠥᠳᠥᠷ ᠨᠣᠮ ᠤᠨ ᠨᠡᠭᠡᠭᠡᠯᠲᠡ ᠶᠢ ᠬᠢᠵᠦ ᠪᠠᠶᠢᠨ᠎ᠠ᠃
ᠲᠠᠰᠢᠷᠠᠮ ᠳᠤ ᠬᠦᠢᠰᠦ ᠲᠣᠯᠣᠭᠠᠢ ᠶᠢᠨ ᠪᠢᠴᠢᠭᠡᠰᠦ ᠶᠢᠨ ᠲᠠᠯ᠎ᠠ ᠪᠠᠷ ᠳᠤᠷᠠᠳᠬᠤ ᠳᠤ ᠣᠳᠣ ᠪᠠᠷ ᠮᠣᠩᠭᠣᠯ ᠤᠯᠤᠰ ᠤᠨ ᠨᠤᠲᠤᠭ ᠳᠡᠪᠢᠰᠬᠡᠷ ᠡᠴᠡ ᠣᠯᠳᠠᠭᠠᠳ ᠪᠤᠢ ᠬᠠᠮᠤᠭ ᠤᠨ ᠡᠷᠲᠡᠨ ᠦ ᠡᠪᠦᠭᠡ ᠮᠣᠩᠭᠣᠯ ᠬᠡᠯᠡᠨ ᠦ ᠪᠢᠴᠢᠭ ᠦᠰᠦᠭ ᠦᠨ ᠳᠤᠷᠠᠰᠬᠠᠯ ᠶᠤᠮ᠃ ᠪᠤᠯᠠᠭᠠᠨ ᠠᠶᠢᠮᠠᠭ ᠤᠨ ᠮᠣᠭᠤᠳᠤ ᠰᠤᠮᠤ ᠶᠢᠨ ᠬᠦᠢᠰᠦ ᠲᠣᠯᠣᠭᠠᠢ ᠬᠡᠮᠡᠬᠦ ᠭᠠᠵᠠᠷ ᠠᠴᠠ ᠣᠯᠳᠠᠭᠰᠠᠨ ᠡᠨᠡ ᠬᠦ ᠮᠣᠩᠭᠣᠯ ᠪᠷᠠᠾᠮᠢ ᠪᠢᠴᠢᠭ ᠪᠦᠬᠦᠢ ᠳᠤᠷᠠᠰᠬᠠᠯ ᠨᠢ ᠣᠷᠣᠰ ᠤᠨ ᠬᠣᠯᠪᠣᠭᠠᠨ ᠤ ᠤᠯᠤᠰ ᠤᠨ ᠡᠷᠮᠢᠲ᠋ᠠᠵᠢ ᠳᠠᠬᠢ 《ᠴᠢᠩᠭᠢᠰ ᠦᠨ ᠴᠢᠯᠠᠭᠤ》 ᠍ ᠢᠢᠨ ᠪᠢᠴᠢᠭ ᠡᠴᠡ 600 ᠣᠷᠴᠢᠮ ᠵᠢᠯ ᠦᠨ ᠡᠮᠦᠨᠡᠬᠢ ᠦᠶ᠎ᠡ ᠳᠦ ᠪᠤᠶᠤ 1400 ᠵᠢᠯ ᠦᠨ ᠲᠡᠷᠲᠡᠭᠡ ᠳᠦ ᠬᠠᠮᠢᠶᠠᠷᠬᠤ ᠳᠤᠷᠠᠰᠬᠠᠯ ᠶᠤᠮ᠃ ᠮᠠᠨ ᠤ ᠡᠷᠢᠨ ᠤ 601 ᠣᠨ ᠤ ᠦᠶ᠎ᠡ ᠶᠢᠨ ᠪᠢᠴᠢᠭ ᠦᠰᠦᠭ ᠦᠨ ᠳᠤᠷᠠᠰᠬᠠᠯ 《ᠬᠦᠢᠰᠦ ᠲᠣᠯᠣᠭᠠᠢ ᠪᠢᠴᠢᠭᠡᠰᠦ-1》ᠨᠢ 11 ᠮᠥᠷ᠂ ᠡᠷᠲᠡᠨ ᠦ ᠮᠣᠩᠭᠣᠯ ᠬᠡᠯᠡ ᠪᠡᠷ ᠪᠷᠠᠾᠮᠢ ᠦᠰᠦᠭ ᠦᠨ 215 ᠲᠡᠮᠳᠡᠭᠲᠦ ᠪᠡᠷ ᠪᠢᠴᠢᠭᠰᠡᠨ 100 ᠦᠭᠡ ᠡᠴᠡ ᠪᠦᠷᠢᠳᠦᠭᠰᠡᠨ ᠮᠣᠩᠭᠣᠯ ᠤᠨ ᠡᠷᠲᠡᠨ ᠦ ᠦᠰᠦᠭ᠂ ᠪᠢᠴᠢᠭ᠂ ᠦᠭᠡ᠂ ᠬᠡᠯᠡ᠂ ᠨᠡᠭᠦᠳᠡᠯᠴᠢᠨ ᠤᠭᠰᠠᠭᠠᠲᠠᠨ᠂ ᠣᠪᠣᠭᠲᠠᠨ ᠤ ᠲᠡᠦᠬᠡ᠂ ᠰᠤᠶᠤᠯ᠂ ᠵᠠᠩ ᠵᠠᠩᠰᠢᠯ᠂ ᠱᠠᠰᠢᠨ ᠰᠢᠲᠦᠯᠭᠡ᠂ ᠲᠠᠬᠢᠯᠭ᠎ᠠ ᠮᠥᠷᠭᠥᠯ᠂ ᠵᠠᠩ ᠦᠢᠯᠡ ᠶᠢᠨ ᠲᠤᠬᠠᠢ ᠮᠡᠳᠡᠭᠡᠯᠡᠯ ᠲᠡᠢ ᠨᠡᠩ ᠬᠣᠪᠣᠷ ᠪᠠᠷᠢᠮᠲᠠᠲᠤ ᠬᠠᠳᠠᠨ ᠤ ᠪᠢᠴᠢᠭᠡᠰᠦ ᠳᠤᠷᠠᠰᠬᠠᠯ ᠪᠥᠭᠡᠳ ᠡᠨᠡ ᠨᠢ ᠲᠥᠪ ᠠᠽᠢᠶ᠎ᠠ ᠶᠢᠨ ᠨᠡᠭᠦᠳᠡᠯᠴᠢᠨ ᠦᠨᠳᠦᠰᠦᠲᠡᠨ ᠮᠣᠩᠭᠣᠯᠴᠤᠳ ᠨᠢ ᠬᠠᠮᠤᠭ ᠤᠨ ᠠᠩᠬ᠎ᠠ ᠥᠪᠡᠷ ᠦᠨ ᠦᠭᠡ᠂ ᠬᠡᠯᠡ ᠪᠡᠨ ᠲᠡᠮᠳᠡᠭᠯᠡᠭᠰᠡᠨ ᠦᠰᠦᠭ᠂ ᠪᠢᠴᠢᠭ ᠲᠡᠢ ᠪᠠᠶᠢᠭᠰᠠᠨ ᠦᠨᠳᠦᠰᠦᠲᠡᠨ ᠭᠡᠳᠡᠭ ᠦᠨ ᠰᠢᠨ᠎ᠡ ᠨᠣᠲᠠᠯᠠᠭ᠎ᠠ ᠪᠣᠯᠳᠠᠭ ᠶᠤᠮ᠃
ᠮᠣᠩᠭᠣᠯ ᠤᠨ ᠡᠷᠳᠡᠮᠲᠡᠨ ᠴ ∙ ᠴᠡᠩᠳᠤ᠂ ᠮ ∙ ᠰᠢᠨᠡᠬᠥ‍ᠢᠥ᠂ ᠨ ∙ ᠨᠠᠸᠠᠩ ᠨᠠᠷ ᠬᠦᠢᠰᠦ ᠲᠣᠯᠣᠭᠠᠢ ᠪᠢᠴᠢᠭᠡᠰᠦ ᠶᠢ ᠪᠢᠴᠢᠭ ᠦᠰᠦᠭ ᠦᠨ ᠳᠤᠷᠠᠰᠬᠠᠯ ᠪᠣᠯᠬᠤ ᠶᠢ ᠮᠡᠳᠡᠭᠡᠯᠡᠭᠰᠡᠨ ᠡᠴᠡ ᠬᠣᠶᠢᠰᠢ 50 ᠭᠠᠷᠤᠢ ᠵᠢᠯ ᠦᠨ ᠳᠠᠷᠠᠭ᠎ᠠ ᠡᠷᠳᠡᠮ ᠰᠢᠨᠵᠢᠯᠡᠭᠡ ᠰᠤᠳᠤᠯᠭᠠᠨ ᠤ ᠣᠯᠠᠨ ᠤᠯᠤᠰ ᠤᠨ ᠡᠺᠰᠫᠧᠳᠢᠼ ᠦᠨ ᠪᠠᠭ ᠮᠣᠩᠭᠣᠯ ᠤᠯᠤᠰ ᠲᠤ ᠢᠷᠡᠵᠦ ᠤᠭ ᠬᠥᠰᠢᠶ᠎ᠡ ᠴᠢᠯᠠᠭᠤᠨ ᠤ ᠪᠢᠴᠢᠭᠡᠰᠦ ᠶᠢ ᠲᠠᠶᠢᠯᠵᠤ᠂ ᠤᠭ ᠪᠢᠴᠢᠭ ᠨᠢ ᠪᠷᠠᠾᠮᠢ ᠪᠢᠴᠢᠭ ᠢᠶᠡᠷ ᠡᠷᠲᠡᠨ ᠦ ᠡᠪᠦᠭᠡ ᠮᠣᠩᠭᠣᠯ ᠬᠡᠯᠡ ᠪᠡᠷ ᠪᠢᠴᠢᠭᠳᠡᠭᠰᠡᠨ ᠪᠣᠯᠬᠤ ᠶᠢ᠂ 2019 ᠣᠨ ᠳᠤ ᠭᠧᠷᠮᠠᠨ ᠤᠯᠤᠰ ᠤᠨ ᠢᠷᠭᠡᠨ ᠮᠣᠩᠭᠣᠯ ᠭᠠᠷᠤᠯ ᠲᠠᠢ ᠰᠤᠳᠤᠯᠤᠭᠠᠴᠢ ᠰᠣᠯᠣᠩᠭᠠᠳ ᠬᠤᠷᠴᠠᠪᠠᠭᠠᠲᠤᠷ ᠤᠭ ᠪᠢᠴᠢᠭᠡᠰᠦ ᠶᠢᠨ ᠮᠣᠩᠭᠣᠯ ᠬᠡᠯᠡᠨ ᠦ ᠵᠦᠢ ᠶᠢᠨ ᠲᠠᠶᠢᠯᠪᠤᠷᠢ ᠶᠢ ᠭᠠᠷᠭᠠᠭᠰᠠᠨ ᠢᠶᠠᠷ ᠣᠳᠣ ᠠᠴᠠ 1420 ᠵᠢᠯ ᠦᠨ ᠡᠮᠦᠨᠡᠬᠢ ᠮᠣᠩᠭᠣᠯ ᠬᠡᠯᠡᠨ ᠦ ᠪᠢᠴᠢᠭ ᠦᠨ ᠳᠤᠷᠠᠰᠬᠠᠯ ᠪᠣᠯᠬᠤ ᠶᠢ ᠨᠣᠲᠠᠯᠠᠭᠰᠠᠨ ᠢᠶᠠᠷ ᠮᠣᠩᠭᠣᠯ ᠤᠯᠤᠰ ᠤᠨ ᠵᠠᠰᠠᠭ ᠤᠨ ᠭᠠᠵᠠᠷ 2019 ᠣᠨ ᠤ 9 ᠳ᠋ᠤᠭᠡᠷ ᠰᠠᠷ᠎ᠠ ᠶᠢᠨ 25 ᠍ ᠳᠤ ᠲᠣᠭᠲᠠᠭᠠᠯ ᠢᠶᠠᠷ ᠪᠠᠲᠤᠯᠠᠵᠤ᠂ 《ᠲᠡᠦᠬᠡ᠂ ᠰᠣᠶᠣᠯ ᠤᠨ ᠬᠣᠣᠰ ᠦᠭᠡᠢ ᠦᠨᠡᠲᠦ ᠳᠤᠷᠠᠰᠬᠠᠯᠲᠤ ᠵᠦᠢᠯ ᠦᠨ ᠵᠢᠭᠰᠠᠭᠠᠯᠲᠠ》 ᠍ ᠲᠤ ᠣᠷᠣᠭᠤᠯᠤᠨ᠂ ᠤᠭ ᠪᠢᠴᠢᠭᠡᠰᠦ ᠶᠢ ᠲᠥᠷᠦ ᠶᠢᠨ ᠣᠷᠳᠣᠨ ᠳᠤ ᠵᠠᠯᠠᠭᠰᠠᠨ ᠪᠢᠯᠡ᠃

《ᠬᠦᠢᠰᠦ ᠲᠣᠯᠣᠭᠠᠢ ᠶᠢᠨ ᠪᠢᠴᠢᠭᠡᠰᠦ》 ᠢᠢ ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ ᠰᠠᠨᠠᠭᠠᠴᠢᠯᠠᠨ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠢᠢᠨ ᠪᠣᠯᠪᠠᠰᠤᠷᠠᠯ᠂ ᠰᠢᠨᠵᠢᠯᠡᠬᠦ ᠤᠬᠠᠭᠠᠨ᠂ ᠰᠤᠶᠤᠯ ᠤᠨ ᠪᠠᠶᠢᠭᠤᠯᠤᠯᠭ᠎ᠠ ᠶᠢᠨ 《ᠳᠡᠯᠡᠬᠡᠢ ᠶᠢᠨ ᠳᠤᠷᠠᠰᠤᠮᠵᠢ ᠶᠢᠨ ᠣᠯᠠᠨ ᠤᠯᠤᠰ ᠤᠨ ᠪᠦᠷᠢᠳᠬᠡᠯ》 ᠍ ᠦᠨ ᠵᠢᠭᠰᠠᠭᠠᠯᠲᠠ ᠳᠤ 2023 ᠣᠨ ᠳᠤ ᠨᠡᠷ᠎ᠡ ᠳᠡᠪᠰᠢᠭᠦᠯᠬᠦ ᠪᠡᠷ ᠠᠵᠢᠯᠯᠠᠵᠤ ᠪᠠᠶᠢᠨ᠎ᠠ




ᠪᠢᠴᠢᠭᠰᠡᠨ᠄ ᠬᠡᠯᠡᠨ ᠤ ᠪᠤᠳᠤᠯᠭ᠎ᠠ ᠢᠢᠨ ᠦᠨᠳᠦᠰᠦᠨ ᠦ ᠵᠦᠪᠯᠡᠯ


Бичсэн: ХБҮЗ

ᠪᠤᠰᠤᠳ ᠨᠡᠶᠢᠲᠡᠯᠡᠯ