MN / MNG

2023-08-16
《ᠮᠣᠩᠭᠣᠯ ᠤᠨ ᠤᠷᠠᠨ ᠵᠣᠬᠢᠶᠠᠯ ᠤᠨ ᠬᠠᠷᠢᠯᠴᠠᠭ᠎ᠠ᠂ ᠬᠣᠯᠪᠣᠭ᠎ᠠ᠄ ᠤᠯᠠᠮᠵᠢᠯᠠᠯ᠂ ᠥᠨᠥ》 ᠰᠡᠳᠦᠪᠲᠦ ᠣᠯᠠᠨ ᠤᠯᠤᠰ ᠤᠨ ᠡᠷᠳᠡᠮ ᠰᠢᠨᠵᠢᠯᠡᠭᠡᠨ ᠦ ᠬᠤᠷᠠᠯ᠂ ᠹᠣᠷᠣᠮ ᠪᠣᠯᠵᠤ ᠪᠠᠶᠢᠨ᠎ᠠ

《ᠮᠣᠩᠭᠣᠯ ᠤᠨ ᠤᠷᠠᠨ ᠵᠣᠬᠢᠶᠠᠯ ᠤᠨ ᠬᠠᠷᠢᠯᠴᠠᠭ᠎ᠠ᠂ ᠬᠣᠯᠪᠣᠭ᠎ᠠ᠄ ᠤᠯᠠᠮᠵᠢᠯᠠᠯ᠂ ᠥᠨᠥ》 ᠰᠡᠳᠦᠪᠲᠦ ᠣᠯᠠᠨ ᠤᠯᠤᠰ ᠤᠨ ᠡᠷᠳᠡᠮ ᠰᠢᠨᠵᠢᠯᠡᠭᠡᠨ ᠦ ᠬᠤᠷᠠᠯ᠂ ᠹᠣᠷᠣᠮ ᠪᠣᠯᠵᠤ ᠪᠠᠶᠢᠨ᠎ᠠ



ᠮᠣᠩᠭᠣᠯ ᠤᠨ ᠤᠷᠠᠨ ᠵᠣᠬᠢᠶᠠᠯ ᠤᠨ ᠬᠠᠷᠢᠯᠴᠠᠭ᠎ᠠ᠂ ᠬᠣᠯᠪᠣᠭ᠎ᠠ᠄ ᠤᠯᠠᠮᠵᠢᠯᠠᠯ᠂ ᠥᠨᠥᠰᠡᠳᠦᠪᠲᠦ ᠣᠯᠠᠨ ᠤᠯᠤᠰ ᠤᠨ ᠡᠷᠳᠡᠮ ᠰᠢᠨᠵᠢᠯᠡᠭᠡᠨ ᠦ ᠬᠤᠷᠠᠯ᠂ ᠹᠣᠷᠣᠮ ᠪᠣᠯᠵᠤ ᠪᠠᠶᠢᠨ᠎ᠠ᠃

ᠤᠭ ᠣᠯᠠᠨ ᠤᠯᠤᠰ ᠤᠨ ᠡᠷᠳᠡᠮ ᠰᠢᠨᠵᠢᠯᠡᠭᠡᠨ ᠦ ᠬᠤᠷᠠᠯ᠂ ᠹᠣᠷᠣᠮ ᠢ ᠵᠣᠬᠢᠶᠠᠨ ᠪᠠᠶᠢᠭᠤᠯᠬᠤ ᠳᠤ ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ ᠬᠠᠮᠲᠤᠷᠠᠨ ᠠᠵᠢᠯᠯᠠᠯ᠎ᠠ᠃

ᠬᠤᠷᠠᠯ ᠤᠨ ᠨᠡᠭᠡᠭᠡᠯᠲᠡ ᠥᠨᠥᠳᠥᠷ ᠮᠣᠩᠭᠣᠯ ᠤᠯᠤᠰ ᠤᠨ ᠶᠡᠬᠡ ᠰᠤᠷᠭᠠᠭᠤᠯᠢ ᠶᠢᠨ ᠬᠢᠴᠢᠶᠡᠯ ᠦᠨ I ᠪᠠᠶᠢᠷᠢ᠂ ᠡᠷᠳᠡᠮ ᠦᠨ ᠲᠠᠩᠬᠢᠮ ᠳᠤ ᠐᠙᠄᠐᠐
ᠴᠠᠭ ᠲᠤ ᠪᠣᠯᠤᠯ᠎ᠠ᠃ ᠬᠤᠷᠠᠯ ᠢ ᠨᠡᠭᠡᠭᠡᠵᠦ ᠰᠣᠶᠣᠯ ᠤᠨ ᠶᠠᠮᠤᠨ ᠤ ᠰᠣᠶᠣᠯ ᠤᠨ ᠪᠣᠳᠣᠯᠭ᠎ᠠ ᠶᠢᠨ ᠬᠡᠷᠡᠭᠵᠢᠯᠲᠡ ᠶᠢ ᠵᠣᠬᠢᠴᠠᠭᠤᠯᠬᠤ ᠭᠠᠵᠠᠷ ᠤᠨ ᠳᠠᠷᠤᠭ᠎ᠠ ᠳ ∙ ᠨᠠᠷᠠᠨᠴᠡᠴᠡᠭ᠌ ᠂ ᠮᠣᠩᠭᠣᠯ ᠤᠯᠤᠰ ᠤᠨ ᠶᠡᠬᠡ ᠰᠤᠷᠭᠠᠭᠤᠯᠢ ᠤᠨ ᠷᠧᠺᠲ᠋ᠣᠷ᠂ ᠮᠣᠩᠭᠣᠯ ᠤᠯᠤᠰ ᠤᠨ ᠠᠷᠠᠳ ᠤᠨ ᠪᠠᠭᠰᠢ ᠳ᠃ ᠪᠠᠳᠢᠷᠴᠢ᠂ ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ ᠦᠨ ᠳᠠᠷᠤᠭ᠎ᠠ ᠯ ∙ ᠳᠠᠰᠢᠨᠢᠮ᠎ᠠ ᠨᠠᠷ ᠦᠭᠡ ᠬᠡᠯᠡᠯ᠎ᠡ᠃ ᠡᠨᠡ ᠦᠶ᠎ᠡ ᠪᠡᠷ ᠶᠠᠫᠣᠨ ᠳ᠋ᠠᠬᠢ ᠮᠣᠩᠭᠣᠯ ᠤᠨ ᠤᠷᠠᠨ ᠵᠣᠬᠢᠶᠠᠯ ᠤᠨ ᠨᠡᠶᠢᠭᠡᠮᠯᠢᠭ ᠦᠨ ᠶᠡᠷᠦᠩᠬᠡᠶᠢᠯᠡᠭᠴᠢ᠂ ᠫᠷᠣᠹᠧᠰᠰᠣᠷ ᠺᠠᠽᠦᠶᠢᠺᠢ ᠣᠺᠠᠳᠠ ᠶᠠᠫᠣᠨ ᠳ᠋ᠠᠬᠢ ᠮᠣᠩᠭᠣᠯ ᠤᠨ ᠤᠷᠠᠨ ᠵᠣᠬᠢᠶᠠᠯ ᠤᠨ ᠨᠡᠶᠢᠭᠡᠮᠯᠢᠭ ᠦᠨ ᠬᠦᠨᠳᠦᠲᠦ ᠶᠡᠷᠦᠩᠬᠡᠶᠢᠯᠡᠭᠴᠢ ᠱᠢᠪᠠᠶᠠᠮ ᠠ ᠦᠲ᠋ᠠᠺᠠ ᠶᠢᠨ ᠢᠷᠡᠭᠦᠯᠦᠭᠰᠡᠨ ᠮᠡᠨᠳᠦᠴᠢᠯᠡᠭᠡ ᠶᠢ ᠤᠩᠰᠢᠵᠤ
ᠲᠠᠨᠢᠯᠴᠠᠭᠤᠯᠤᠯ᠎ᠠ᠃


ᠡᠨᠡᠬᠦ ᠣᠯᠠᠨ ᠤᠯᠤᠰ ᠤᠨ ᠡᠷᠳᠡᠮ ᠰᠢᠨᠵᠢᠯᠡᠭᠡᠨ ᠦ ᠬᠤᠷᠠᠯ ᠳᠤ ᠮᠣᠩᠭᠣᠯ ᠤᠯᠤᠰ ᠠᠴᠠ ᠭᠠᠳᠠᠨ᠎ᠠ ᠶᠠᠫᠣᠨ ᠤᠯᠤᠰ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ᠂ ᠣᠷᠣᠰ ᠤᠨ ᠬᠣᠯᠪᠣᠭᠠᠨ ᠤ ᠤᠯᠤᠰ᠂ ᠪᠦᠭᠦᠳᠡ ᠨᠠᠶᠢᠷᠠᠮᠳᠠᠬᠤ ᠹᠷᠠᠨᠼᠢ ᠤᠯᠤᠰ᠂ ᠪᠦᠭᠦᠳᠡ ᠨᠠᠶᠢᠷᠠᠮᠳᠠᠬᠤ ᠴᠧᠬ ᠤᠯᠤᠰ ᠤᠨ ᠗᠐ ᠭᠠᠷᠤᠢ ᠡᠷᠳᠡᠮᠲᠡᠨ ᠰᠤᠳᠤᠯᠤᠭᠠᠴᠢ ᠣᠷᠣᠯᠴᠠᠵᠤ᠂ ᠰᠤᠳᠤᠯᠭ᠎ᠠ ᠰᠢᠨᠵᠢᠯᠡᠭᠡᠨ ᠦ ᠦᠷ᠎ᠡ ᠳ᠋ᠦᠩ᠂ ᠪᠦᠲᠦᠭᠡᠯ ᠲᠤᠭᠤᠷᠪᠢᠯ ᠤᠨ ᠣᠯᠤᠯᠲᠠ ᠠᠮᠵᠢᠯᠲᠠ ᠶᠢ ᠲᠠᠨᠢᠯᠴᠠᠭᠤᠯᠬᠤ᠂ ᠬᠡᠯᠡᠯᠴᠡᠭᠦᠯᠬᠦ ᠪᠡᠷ ᠴᠢᠭᠤᠯᠵᠤ
ᠪᠠᠶᠢᠨ᠎ᠠ᠃

ᠮᠣᠩᠭᠣᠯ ᠤᠨ ᠤᠷᠠᠨ ᠵᠣᠬᠢᠶᠠᠯ ᠤᠨ ᠬᠠᠷᠢᠯᠴᠠᠭ᠎ᠠ ᠬᠣᠯᠪᠣᠭ᠎ᠠ᠄ ᠤᠯᠠᠮᠵᠢᠯᠠᠯ᠂ ᠥᠨᠥ ᠦᠶ᠎ᠡ ᠰᠡᠳᠦᠪ ᠦᠨ ᠬᠦᠷᠢᠶᠡᠨ ᠳᠦ᠄ ᠮᠣᠩᠭᠣᠯ ᠤᠨ ᠶᠡᠬᠡ ᠪᠢᠴᠢᠭ ᠦᠨ ᠬᠥᠮᠥᠨ᠂ ᠰᠣᠶᠣᠨ ᠭᠡᠭᠡᠷᠡᠭᠦᠯᠦᠭᠴᠢ ᠸ ∙ ᠢᠨᠵᠢ᠌ᠨᠠᠰᠢ ᠶᠢᠨ ᠡᠰᠡᠨᠢᠭᠰᠡᠨ ᠦ ᠑᠘᠕ ᠵᠢᠯ ᠦᠨ ᠣᠢ ᠳᠤ ᠵᠣᠷᠢᠭᠤᠯᠤᠭᠰᠠᠨ ᠬᠤᠷᠠᠯ

ᠶᠠᠫᠣᠨ ᠳᠠᠬᠢ ᠮᠣᠩᠭᠣᠯ ᠤᠨ ᠤᠷᠠᠨ ᠵᠣᠬᠢᠶᠠᠯ ᠤᠨ ᠨᠡᠶᠢᠭᠡᠮᠯᠢᠭ ᠦᠨ ᠒᠐᠒᠓ ᠣᠨ ᠤ ᠤᠯᠠᠭᠠᠨᠪᠠᠭᠠᠲᠤᠷ ᠤᠨ ᠬᠤᠷᠠᠯ᠂
ᠮᠣᠩᠭᠣᠯ ᠲᠤᠭᠤᠷᠭᠠᠲᠠᠨ ᠤ ᠤᠷᠠᠨ ᠵᠣᠬᠢᠶᠠᠯ ᠤᠨ ᠥᠨᠥ ᠶᠢᠨ ᠪᠠᠶᠢᠳᠠᠯ᠂ ᠲᠤᠯᠭᠠᠮᠳᠠᠭᠰᠠᠨ ᠠᠰᠠᠭᠤᠳᠠᠯ ᠹᠣᠷᠣᠮ ᠢ ᠲᠤᠰ ᠲᠤᠰ ᠵᠣᠬᠢᠶᠠᠨ ᠪᠠᠶᠢᠭᠤᠯᠵᠤ ᠪᠠᠶᠢᠨ᠎ᠠ᠃

ᠶᠠᠫᠣᠨ ᠳ᠋ᠠᠬᠢ ᠮᠣᠩᠭᠣᠯ ᠤᠨ ᠤᠷᠠᠨ ᠵᠣᠬᠢᠶᠠᠯ ᠤᠨ ᠨᠡᠶᠢᠭᠡᠮᠯᠢᠭ ᠦᠨ ᠕᠐ ᠵᠢᠯ ᠦᠨ ᠣᠢ ᠳᠤ ᠵᠣᠷᠢᠭᠤᠯᠤᠭᠰᠠᠨ ᠮᠣᠩᠭᠣᠯ ᠤᠷᠠᠨ ᠵᠣᠬᠢᠶᠠᠯ ᠰᠤᠳᠤᠯᠤᠯ ᠤᠨ ᠤᠯᠠᠭᠠᠨᠪᠠᠭᠠᠲᠤᠷ ᠤᠨ ᠬᠤᠷᠠᠯ ᠣᠯᠠᠨ ᠤᠯᠤᠰ ᠤᠨ
ᠡᠷᠳᠡᠮ ᠰᠢᠨᠵᠢᠯᠡᠭᠡᠨ ᠦ ᠬᠤᠷᠠᠯ᠄ ᠮᠣᠩᠭᠣᠯ ᠤᠯᠤᠰ ᠤᠨ ᠶᠡᠬᠡ ᠰᠤᠷᠭᠠᠭᠤᠯᠢ ᠶᠢᠨ ᠬᠢᠴᠢᠶᠡᠯ ᠦᠨ
I ᠪᠠᠶᠢᠷᠢ᠂ ᠡᠷᠳᠡᠮ ᠦᠨ ᠲᠠᠩᠬᠢᠮ ᠳᠤ᠂ ᠒᠐᠒᠓ ᠣᠨ ᠤ ᠘ ᠳ᠋ᠤᠭᠠᠷ ᠰᠠᠷ᠎ᠠ ᠶᠢᠨ ᠑᠕ ᠤ ᠑᠐᠄᠐᠐-᠑᠘᠄᠐᠐ ᠴᠠᠭ ᠲᠤ᠂ ᠒᠐᠒᠓ ᠣᠨ ᠤ ᠘ ᠳ᠋ᠤᠭᠠᠷ ᠰᠠᠷ᠎ᠠ ᠶᠢᠨ ᠑᠖  ᠤ ᠐᠙᠄᠐᠐-᠑᠓᠄᠐᠐ ᠴᠠᠭ ᠲᠤ᠂
ᠶᠡᠬᠡ ᠵᠣᠬᠢᠶᠠᠯᠴᠢ ᠸᠠᠩᠴᠢᠨᠪᠠᠯ ᠤᠨ ᠢᠨᠵᠢᠨᠠ
ᠰᠢ ᠶᠢᠨ ᠮᠡᠨᠳᠦᠯᠡᠭᠰᠡᠨ ᠦ ᠑᠘᠕ ᠵᠢᠯ ᠦᠨ ᠣᠢ ᠳᠤ ᠵᠣᠷᠢᠭᠤᠯᠤᠭᠰᠠᠨ ᠣᠯᠠᠨ ᠤᠯᠤᠰ ᠤᠨ ᠡᠷᠳᠡᠮ ᠰᠢᠨᠵᠢᠯᠡᠭᠡᠨ ᠦ ᠬᠤᠷᠠᠯ᠄ ᠮᠣᠩᠭᠣᠯ
ᠤᠯᠤᠰ ᠤᠨ ᠶᠡᠬᠡ ᠰᠤᠷᠭᠠᠭᠤᠯᠢ ᠶᠢᠨ ᠬᠢᠴᠢᠶᠡᠯ ᠦᠨ
II ᠪᠠᠶᠢᠷᠢ᠂ ᠔᠓᠙ ᠲᠣᠭᠠᠲᠤ ᠬᠤᠷᠠᠯ ᠤᠨ ᠲᠠᠩᠬᠢᠮ ᠳᠤ᠂ ᠒᠐᠒᠓ ᠣᠨ ᠤ ᠘ ᠳ᠋ᠤᠭᠠᠷ ᠰᠠᠷ᠎ᠠ ᠶᠢᠨ ᠑᠕  ᠤ ᠑᠐᠄᠐᠐-᠑᠘᠄᠐᠐ ᠴᠠᠭ ᠲᠤ᠂

ᠮᠣᠩᠭᠣᠯ ᠲᠤᠭᠤᠷᠭᠠᠲᠠᠨ ᠤ ᠤᠷᠠᠨ ᠵᠣᠬᠢᠶᠠᠯ ᠤᠨ ᠥᠨᠥ ᠶᠢᠨ ᠪᠠᠶᠢᠳᠠᠯ᠂ ᠲᠤᠯᠭᠠᠮᠳᠠᠭᠰᠠᠨ ᠠᠰᠠᠭᠤᠳᠠᠯ ᠰᠡᠳᠦᠪᠲᠦ ᠬᠡᠯᠡᠯᠴᠡᠭᠦᠯᠭᠡ᠂ ᠹᠣᠷᠣᠮ᠄ ᠒᠐᠒᠓ ᠣᠨ ᠤ ᠘ ᠳ᠋ᠤᠭᠠᠷ ᠰᠠᠷ᠎ᠠ ᠶᠢᠨ ᠑᠖  ᠤ ᠑᠔᠄᠐᠐-᠑᠘᠄᠐᠐ ᠴᠠᠭ ᠲᠤ ᠲᠤᠰ ᠲᠤᠰ ᠪᠣᠯᠤᠨ᠎ᠠ᠃






ᠪᠢᠴᠢᠭᠰᠡᠨ᠄ ᠬᠡᠯᠡᠨ ᠤ ᠪᠤᠳᠤᠯᠭ᠎ᠠ ᠢᠢᠨ ᠦᠨᠳᠦᠰᠦᠨ ᠦ ᠵᠦᠪᠯᠡᠯ


Бичсэн: ХБҮЗ

ᠪᠤᠰᠤᠳ ᠨᠡᠶᠢᠲᠡᠯᠡᠯ