MN / MNG

2023-10-07
《ᠨᠡᠷ᠎ᠡ ᠲᠣᠮᠢᠶ᠎ᠠ᠄ ᠣᠷᠴᠢᠭᠤᠯᠭ᠎ᠠ᠂ ᠬᠡᠷᠡᠭᠯᠡᠭᠡ》 ᠰᠡᠳᠦᠪᠲᠦ ᠡᠷᠳᠡᠮ ᠰᠢᠨᠵᠢᠯᠡᠭᠡᠨ ᠦ ᠬᠤᠷᠠᠯ ᠪᠣᠯᠤᠯ᠎ᠠ

《ᠨᠡᠷ᠎ᠡ ᠲᠣᠮᠢᠶ᠎ᠠ᠄ ᠣᠷᠴᠢᠭᠤᠯᠭ᠎ᠠ᠂ ᠬᠡᠷᠡᠭᠯᠡᠭᠡ》 ᠰᠡᠳᠦᠪᠲᠦ ᠡᠷᠳᠡᠮ ᠰᠢᠨᠵᠢᠯᠡᠭᠡᠨ ᠦ ᠬᠤᠷᠠᠯ ᠪᠣᠯᠤᠯ᠎ᠠ



《ᠨᠡᠷ᠎ᠡ ᠲᠣᠮᠢᠶ᠎ᠠ᠄ ᠣᠷᠴᠢᠭᠤᠯᠭ᠎ᠠ᠂ ᠬᠡᠷᠡᠭᠯᠡᠭᠡ》 ᠰᠡᠳᠦᠪᠲᠦ ᠡᠷᠳᠡᠮ ᠰᠢᠨᠵᠢᠯᠡᠭᠡᠨ ᠦ ᠬᠤᠷᠠᠯ 2023 ᠣᠨ ᠤ 10 ᠳ᠋ᠤᠭᠠᠷ ᠰᠠᠷ᠎ᠠ ᠶᠢᠨ 7 ᠍ ᠤ ᠡᠳᠦᠷ ᠳᠠᠷᠬᠠᠨ-ᠠᠭᠤᠯᠠ ᠠᠶᠢᠮᠠᠭ ᠲᠤ ᠪᠣᠯᠤᠯ᠎ᠠ᠃ ᠤᠭ ᠬᠤᠷᠠᠯ ᠢ ᠰᠢᠨᠵᠢᠯᠡᠬᠦ ᠤᠬᠠᠭᠠᠨ ᠤ ᠠᠺᠠᠳᠡᠮᠢ ᠍ ᠤᠨ ᠬᠡᠯᠡ ᠵᠣᠬᠢᠶᠠᠯ ᠤᠨ ᠬᠦᠷᠢᠶᠡᠯᠡᠨᠭ᠌᠂ ᠰᠢᠨᠵᠢᠯᠡᠬᠦ ᠤᠬᠠᠭᠠᠨ᠂ ᠲᠧᠭᠨᠣᠯᠣᠭᠢ ᠶᠢᠨ ᠶᠡᠬᠡ ᠰᠤᠷᠭᠠᠭᠤᠯᠢ- ᠳᠠᠷᠬᠠᠨ-ᠠᠭᠤᠯᠠ ᠠᠶᠢᠮᠠᠭ ᠳ᠋ᠠᠬᠢ ᠲᠧᠭᠨᠣᠯᠣᠭᠢ ᠶᠢᠨ ᠰᠤᠷᠭᠠᠭᠤᠯᠢ ᠶᠢᠨ ᠰᠠᠭᠤᠷᠢ ᠰᠢᠨᠵᠢᠯᠡᠬᠦ ᠤᠬᠠᠭᠠᠨ ᠤ ᠲᠢᠩᠬᠢᠮ ᠬᠠᠮᠲᠤᠷᠠᠨ ᠵᠢᠯ ᠪᠦᠷᠢ ᠵᠣᠬᠢᠶᠠᠨ ᠪᠠᠶᠢᠭᠤᠯᠳᠠᠭ ᠤᠯᠠᠮᠵᠢᠯᠠᠯ ᠲᠠᠢ᠃ ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ 2022 ᠣᠨ ᠠᠴᠠ ᠡᠨᠡ ᠬᠤᠷᠠᠯ ᠳᠤ ᠣᠷᠣᠯᠴᠠᠵᠤ᠂ ᠳᠡᠮᠵᠢᠨ ᠠᠵᠢᠯᠯᠠᠵᠤ ᠪᠠᠶᠢᠨ᠎ᠠ᠃

ᠬᠤᠷᠠᠯ ᠢ ᠨᠡᠭᠡᠭᠡᠵᠦ ᠰᠢᠨᠵᠢᠯᠡᠬᠦ ᠤᠬᠠᠭᠠᠨ ᠤ ᠠᠺᠠᠳᠡᠮᠢ ᠍ ᠤᠨ ᠬᠡᠯᠡ ᠵᠣᠬᠢᠶᠠᠯ ᠤᠨ ᠬᠦᠷᠢᠶᠡᠯᠡᠩ ᠦᠨ ᠵᠠᠬᠢᠷᠤᠯ᠂ ᠳ᠋ᠣᠺᠲ᠋ᠣᠷ᠂ ᠫᠷᠣᠹᠧᠰᠰᠣᠷ ᠵᠠ‍᠂ ᠪᠠᠲᠤ-ᠢᠷᠡᠭᠡᠳᠦᠢ᠂ ᠰᠢᠨᠵᠢᠯᠡᠬᠦ ᠤᠬᠠᠭᠠᠨ᠂ ᠲᠧᠭᠨᠣᠯᠣᠭᠢ ᠶᠢᠨ ᠶᠡᠬᠡ ᠰᠤᠷᠭᠠᠭᠤᠯᠢ- ᠳᠠᠷᠬᠠᠨ-ᠠᠭᠤᠯᠠ ᠠᠶᠢᠮᠠᠭ ᠳ᠋ᠠᠬᠢ ᠲᠧᠭᠨᠣᠯᠣᠭᠢ ᠶᠢᠨ ᠰᠤᠷᠭᠠᠭᠤᠯᠢ ᠶᠢᠨ ᠡᠷᠳᠡᠮᠲᠡᠨ ᠨᠠᠷᠢᠨ ᠪᠢᠴᠢᠭ᠌ ᠦᠨ ᠳᠠᠷᠤᠭ᠎ᠠ᠂ ᠳ᠋ᠣᠺᠲ᠋ᠣᠷ᠂ ᠳᠡᠳ᠋ ᠫᠷᠣᠹᠧᠰᠰᠣᠷ ᠲ᠂ ᠪᠠᠶᠠᠰᠬᠤᠯᠠᠩ ᠨᠠᠷ ᠦᠭᠡ ᠬᠡᠯᠡᠵᠦ᠂ ᠬᠤᠷᠠᠯ ᠳᠤ ᠣᠷᠣᠯᠴᠠᠭᠴᠢᠳ ᠲᠤ ᠠᠮᠵᠢᠯᠲᠠ ᠬᠦᠰᠡᠯ᠎ᠡ᠃


ᠲᠤᠰ ᠬᠤᠷᠠᠯ ᠳᠤ ᠰᠢᠨᠵᠢᠯᠡᠬᠦ ᠤᠬᠠᠭᠠᠨ ᠤ ᠠᠺᠠᠳᠡᠮᠢ ᠍ ᠤᠨ ᠬᠡᠯᠡ ᠵᠣᠬᠢᠶᠠᠯ ᠤᠨ ᠬᠦᠷᠢᠶᠡᠯᠡᠩ ᠦᠨ ᠡᠷᠳᠡᠮᠲᠡᠨ ᠰᠤᠳᠤᠯᠤᠭᠠᠴᠢᠳ ᠠᠴᠠ ᠭᠠᠳᠠᠨ᠎ᠠ ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ᠂ ᠰᠢᠨᠵᠢᠯᠡᠬᠦ ᠤᠬᠠᠭᠠᠨ᠂ ᠲᠧᠭᠨᠣᠯᠣᠭᠢ ᠶᠢᠨ ᠶᠡᠬᠡ ᠰᠤᠷᠭᠠᠭᠤᠯᠢ ᠦᠨ ᠭᠠᠳᠠᠭᠠᠳᠤ ᠬᠡᠯᠡᠨ ᠦ ᠰᠤᠷᠭᠠᠭᠤᠯᠢ ᠶᠢᠨ ᠬᠡᠷᠡᠭᠯᠡᠭᠡᠨ ᠦ ᠬᠡᠯᠡ ᠰᠢᠨᠵᠢᠯᠡᠯ ᠦᠨ ᠰᠠᠯᠪᠤᠷᠢ᠂ ᠰᠢᠨᠵᠢᠯᠡᠬᠦ ᠤᠬᠠᠭᠠᠨ᠂ ᠲᠧᠭᠨᠣᠯᠣᠭᠢ ᠶᠢᠨ ᠶᠡᠬᠡ ᠰᠤᠷᠭᠠᠭᠤᠯᠢ ᠦᠨ ᠭᠠᠳᠠᠭᠠᠳᠤ ᠬᠡᠯᠡᠨ ᠦ ᠰᠤᠷᠭᠠᠭᠤᠯᠢ ᠶᠢᠨ ᠠᠽᠢ ᠰᠤᠳᠤᠯᠤᠯ ᠤᠨ ᠰᠠᠯᠪᠤᠷᠢ᠂ ᠮᠣᠩᠭᠣᠯ ᠤᠯᠤᠰ ᠤᠨ ᠶᠡᠬᠡ ᠰᠤᠷᠭᠠᠭᠤᠯᠢ᠂ ᠠᠨᠠᠭᠠᠬᠤ ᠢᠢᠨ ᠰᠢᠨᠵᠢᠯᠡᠬᠦ ᠤᠬᠠᠭᠠᠨ ᠤ ᠥᠨᠳᠥᠳᠥᠨ ᠤ ᠶᠡᠬᠡ ᠰᠤᠷᠭᠠᠭᠤᠯᠢ  ᠦᠨ ᠳᠠᠷᠬᠠᠨ ᠠᠨᠠᠭᠠᠬᠤ ᠤᠬᠠᠭᠠᠨ ᠤ ᠰᠤᠷᠭᠠᠭᠤᠯᠢ ᠪᠣᠯᠤᠨ ᠥᠪᠥᠷ ᠮᠣᠩᠭᠣᠯ ᠤᠨ ᠥᠪᠡᠷ ᠲᠥ ᠪᠡᠨ ᠵᠠᠰᠠᠬᠤ ᠣᠷᠣᠨ ᠤ ᠤᠯᠠᠭᠠᠨᠴᠠᠪ ᠬᠣᠲᠠ ᠶᠢᠨ ᠤᠷᠠᠯᠢᠭ ᠤᠨ ᠰᠤᠷᠭᠠᠭᠤᠯᠢ ᠶᠢᠨ ᠲᠥᠯᠥᠭᠡᠯᠡᠯ ᠲᠠᠩᠬᠢᠮ ᠪᠣᠯᠤᠨ ᠴᠠᠬᠢᠮ ᠬᠡᠯᠪᠡᠷᠢ ᠪᠡᠷ ᠣᠷᠣᠯᠴᠠᠵᠤ᠂ ᠢᠯᠡᠳᠬᠡᠯ ᠬᠡᠯᠡᠯᠴᠡᠭᠦᠯᠦᠯ᠎ᠡ᠃

ᠡᠨᠡ ᠬᠦ 《ᠨᠡᠷ᠎ᠡ ᠲᠣᠮᠢᠶ᠎ᠠ᠄ ᠣᠷᠴᠢᠭᠤᠯᠭ᠎ᠠ᠂ ᠬᠡᠷᠡᠭᠯᠡᠭᠡ》 ᠰᠡᠳᠦᠪᠲᠦ ᠡᠷᠳᠡᠮ ᠰᠢᠨᠵᠢᠯᠡᠭᠡᠨ ᠦ ᠬᠤᠷᠠᠯ ᠳᠤ ᠬᠡᠯᠡᠨ ᠦ ᠮᠡᠷᠭᠡᠵᠢᠯᠲᠡᠨ ᠨᠦᠭᠦᠳ ᠡᠴᠡ ᠭᠠᠳᠠᠨ᠎ᠠ᠂ ᠪᠤᠰᠤᠳ ᠮᠡᠷᠭᠡᠵᠢᠯ ᠦᠨ ᠪᠠᠭᠰᠢ᠂ ᠰᠤᠳᠤᠯᠤᠭᠠᠴᠢᠳ ᠣᠷᠣᠯᠴᠠᠵᠤ᠂ ᠹᠢᠽᠢᠺ᠂ ᠮᠠᠲ᠋ᠧᠮᠠᠲ᠋ᠢᠺ᠂ ᠪᠠᠷᠢᠯᠭ᠎ᠠ᠂ ᠠᠭᠤᠯᠠ ᠠᠭᠤᠷᠬᠠᠢ᠂ ᠲᠧᠭᠨᠢᠭ ᠲᠧᠭᠨᠣᠯᠣᠭᠢ᠂ ᠬᠡᠯᠡ ᠰᠢᠨᠵᠢᠯᠡᠯ᠂ ᠤᠷᠠᠯᠢᠭ ᠰᠤᠳᠤᠯᠤᠯ ᠤᠨ ᠨᠡᠷ᠎ᠡ ᠲᠣᠮᠢᠶᠠᠨ ᠤ ᠣᠷᠴᠢᠭᠤᠯᠭ᠎ᠠ᠂ ᠬᠡᠷᠡᠭᠯᠡᠭᠡᠨ ᠦ ᠲᠤᠯᠭᠠᠮᠳᠠᠭᠰᠠᠨ ᠠᠰᠠᠭᠤᠳᠠᠯ ᠤᠨ ᠲᠠᠯ᠎ᠠ ᠪᠠᠷ ᠣᠯᠠᠨ ᠠᠰᠠᠭᠤᠳᠠᠯ ᠳᠡᠪᠰᠢᠭᠦᠯᠵᠦ᠂ ᠬᠡᠯᠡᠯᠴᠡᠭᠦᠯᠭᠡ ᠥᠷᠨᠢᠭᠦᠯᠦᠭᠰᠡᠨ ᠦᠷ᠎ᠡ ᠳ᠋ᠦᠩ ᠲᠡᠢ ᠬᠤᠷᠠᠯ ᠪᠣᠯᠤᠯ᠎ᠠ᠃

ᠨᠡᠷ᠎ᠡ ᠲᠣᠮᠢᠶᠠᠨ ᠤ ᠣᠷᠴᠢᠭᠤᠯᠭ᠎ᠠ᠂ ᠬᠡᠷᠡᠭᠯᠡᠭᠡ ᠨᠢ ᠨᠡᠶᠢᠭᠡᠮ ᠤᠨ ᠪᠦᠬᠦ ᠰᠠᠯᠪᠤᠷᠢ ᠲᠤ ᠲᠤᠯᠭᠠᠮᠳᠠᠭᠰᠠᠨ ᠠᠰᠠᠭᠤᠳᠠᠯ ᠪᠣᠯᠵᠤ ᠪᠠᠶᠢᠭ᠎ᠠ ᠶᠢ ᠬᠤᠷᠠᠯ ᠳᠤ ᠣᠷᠣᠯᠴᠠᠭᠴᠢᠳ ᠣᠨᠴᠠᠯᠠᠭᠠᠳ᠂ ᠴᠢᠨᠠᠬᠰᠢᠳᠠ ᠡᠳᠡᠭᠡᠷ ᠠᠰᠠᠭᠤᠳᠠᠯ ᠢ ᠬᠠᠮᠲᠤᠷᠠᠨ ᠰᠢᠢᠳᠪᠦᠷᠢᠯᠡᠬᠦ᠂ ᠤᠯᠠᠮ ᠢᠶᠠᠷ ᠡᠨᠡ ᠬᠤᠷᠠᠯ ᠤᠨ ᠬᠠᠮᠤᠷᠬᠤ ᠬᠦᠷᠢᠢ᠎ᠡ ᠶᠢ ᠤᠯᠠᠮ ᠥᠷᠭᠡᠵᠢᠭᠦᠯᠦᠨ᠂ ᠣᠯᠠᠨ ᠤᠯᠤᠰ ᠤᠨ ᠬᠡᠮᠵᠢᠶᠡᠨ ᠦ ᠪᠣᠯᠭᠠᠬᠤ ᠲᠠᠯ᠎ᠠ ᠪᠠᠷ ᠰᠠᠨᠠᠯ ᠪᠣᠳᠣᠯ ᠢᠶᠠᠨ ᠰᠣᠯᠢᠯᠴᠠᠯ᠎ᠠ᠃






ᠪᠢᠴᠢᠭᠰᠡᠨ᠄ ᠬᠡᠯᠡᠨ ᠤ ᠪᠤᠳᠤᠯᠭ᠎ᠠ ᠢᠢᠨ ᠦᠨᠳᠦᠰᠦᠨ ᠦ ᠵᠦᠪᠯᠡᠯ


Бичсэн: ХБҮЗ

ᠪᠤᠰᠤᠳ ᠨᠡᠶᠢᠲᠡᠯᠡᠯ