MN / MNG

2023-11-08
ᠤᠯᠤᠰ ᠤᠨ ᠶᠡᠬᠡ ᠬᠤᠷᠠᠯ ᠤᠨ ᠪᠣᠯᠪᠠᠰᠤᠷᠠᠯ᠂ ᠰᠣᠶᠣᠯ᠂ ᠰᠢᠨᠵᠢᠯᠡᠬᠦ ᠤᠬᠠᠭᠠᠨ᠂ ᠰᠫᠣᠷᠲ ᠤᠨ ᠪᠠᠶᠢᠩ᠋ᠭᠤ ᠶᠢᠨ ᠬᠣᠷᠢᠶᠠᠨ ᠤ ᠠᠵᠢᠯ ᠤᠨ ᠬᠡᠰᠡᠭ ᠦᠨ ᠬᠤᠷᠠᠯ ᠪᠣᠯᠤᠯ᠎ᠠ

ᠤᠯᠤᠰ ᠤᠨ ᠶᠡᠬᠡ ᠬᠤᠷᠠᠯ ᠤᠨ ᠪᠣᠯᠪᠠᠰᠤᠷᠠᠯ᠂ ᠰᠣᠶᠣᠯ᠂ ᠰᠢᠨᠵᠢᠯᠡᠬᠦ ᠤᠬᠠᠭᠠᠨ᠂ ᠰᠫᠣᠷᠲ ᠤᠨ ᠪᠠᠶᠢᠩ᠋ᠭᠤ ᠶᠢᠨ ᠬᠣᠷᠢᠶᠠᠨ ᠤ ᠠᠵᠢᠯ ᠤᠨ ᠬᠡᠰᠡᠭ ᠦᠨ ᠬᠤᠷᠠᠯ ᠪᠣᠯᠤᠯ᠎ᠠ



ᠮᠣᠩ᠋ᠭᠣᠯ ᠤᠯᠤᠰ ᠤᠨ ᠶᠡᠬᠡ ᠬᠤᠷᠠᠯ ᠤᠨ ᠪᠣᠯᠪᠠᠰᠤᠷᠠᠯ᠂ ᠰᠤᠶᠤᠯ᠂ ᠰᠢᠨᠵᠢᠯᠡᠬᠦ ᠤᠬᠠᠭᠠᠨ᠂ ᠰᠫᠣᠷᠲ ᠤᠨ ᠪᠠᠶᠢᠩ᠋ᠭᠤ ᠶᠢᠨ ᠬᠣᠷᠢᠶᠠᠨ ᠤ 2023 ᠣᠨ ᠤ 04 ᠳ᠋ᠤᠭᠡᠷ ᠲᠣᠭᠲᠠᠭᠠᠯ ᠢᠶᠠᠷ ᠪᠠᠶᠢᠭᠤᠯᠤᠭᠳᠠᠭᠰᠠᠨ ᠮᠣᠩ᠋ᠭᠣᠯ ᠬᠡᠯᠡ᠂ ᠪᠢᠴᠢᠭ᠌ ᠦᠨ ᠦᠨᠡᠯᠡᠮᠵᠢ᠂ ᠬᠡᠷᠡᠭᠯᠡᠭᠡ᠂ ᠡᠷᠬᠡ ᠵᠦᠢ ᠶᠢᠨ ᠣᠷᠴᠢᠨ ᠢ ᠪᠣᠯᠪᠠᠰᠤᠷᠠᠩ᠋ᠭᠤᠢ ᠪᠣᠯᠭᠠᠬᠤ ᠠᠰᠠᠭᠤᠳᠠᠯ ᠢᠶᠠᠷ ᠵᠥᠪᠯᠡᠮᠵᠢ᠂ ᠰᠠᠨᠠᠯ᠂ ᠳ᠋ᠦᠩᠨᠡᠯᠲᠡ ᠭᠠᠷᠭᠠᠵᠤ᠂ ᠴᠢᠨᠠᠭᠰᠢᠳᠠ ᠬᠡᠷᠡᠭᠵᠢᠭᠦᠯᠬᠦ ᠠᠷᠭ᠎ᠠ ᠬᠡᠮᠵᠢᠶᠡᠨ ᠦ ᠲᠠᠯᠠᠭᠠᠷᠬᠢ ᠰᠢᠢᠳᠪᠦᠷᠢ ᠶᠢᠨ ᠲᠥᠰᠥᠯ ᠪᠣᠯᠪᠠᠰᠤᠷᠠᠭᠤᠯᠬᠤ ᠡᠭᠦᠷᠭᠡ ᠪᠦᠬᠦᠢ ᠠᠵᠢᠯ ᠤᠨ ᠬᠡᠰᠡᠭ ᠥᠨᠥᠳᠥᠷ (2023.11.08) ᠬᠤᠷᠠᠯᠳᠤᠯ᠎ᠠ᠃
ᠠᠵᠢᠯ ᠤᠨ ᠬᠡᠰᠡᠭ ᠦᠨ ᠬᠤᠷᠠᠯ ᠢᠶᠠᠷ ᠮᠣᠩ᠋ᠭᠣᠯ ᠤᠯᠤᠰ ᠤᠨ ᠶᠡᠷᠦᠩᠬᠡᠶᠢᠯᠡᠭᠴᠢ ᠶᠢᠨ ᠳᠡᠷᠭᠡᠳᠡᠬᠢ ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ᠂ ᠪᠣᠯᠪᠠᠰᠤᠷᠠᠯ ᠤᠨ ᠰᠤᠳᠤᠯᠭᠠᠨ ᠤ ᠦᠨᠳᠦᠰᠦᠨ ᠦ ᠬᠦᠷᠢᠶᠡᠯᠡᠨᠭ᠌᠂ ᠰᠢᠨᠵᠢᠯᠡᠬᠦ ᠤᠬᠠᠭᠠᠨ ᠤ ᠠᠺᠠᠳᠧᠮᠢ ᠶᠢᠨ ᠬᠡᠯᠡ ᠵᠣᠬᠢᠶᠠᠯ ᠤᠨ ᠬᠦᠷᠢᠶᠡᠯᠡᠨᠭ᠌ ᠵᠡᠷᠭᠡ ᠪᠠᠶᠢᠭᠤᠯᠤᠯᠭ᠎ᠠ ᠨᠤᠭᠤᠳ ᠠᠴᠠ ᠮᠣᠩ᠋ᠭᠣᠯ ᠬᠡᠯᠡ᠂ ᠪᠢᠴᠢᠭ᠌ ᠦᠨ ᠴᠢᠭᠯᠡᠯ ᠢᠶᠡᠷ ᠬᠢᠭ᠍ᠳᠡᠭᠰᠡᠨ ᠰᠠᠭᠤᠷᠢ ᠰᠤᠳᠤᠯᠭ᠎ᠠ᠂ ᠮᠡᠳᠡᠭᠡᠯᠡᠯ᠂ ᠬᠣᠯᠪᠣᠭᠳᠠᠬᠤ ᠦᠢᠯᠡ ᠠᠵᠢᠯᠯᠠᠭ᠎ᠠ ᠪᠠᠨ᠂ ᠬᠡᠷᠡᠭᠵᠢᠭᠦᠯᠵᠦ ᠪᠤᠢ ᠵᠣᠷᠢᠯᠲᠠᠲᠤ ᠠᠷᠭ᠎ᠠ ᠬᠡᠮᠵᠢᠶ᠎ᠡ ᠨᠦᠭᠦᠳ ᠢ ᠲᠠᠨᠢᠯᠴᠠᠭᠤᠯᠵᠤ᠂ ᠬᠠᠷᠢᠯᠴᠠᠨ ᠰᠠᠨᠠᠯ ᠰᠣᠯᠢᠯᠴᠠᠪᠠ᠃ ᠲᠤᠬᠠᠶᠢᠯᠠᠪᠠᠯ᠂ 《ᠮᠣᠩ᠋ᠭᠣᠯ ᠪᠢᠴᠢᠭ᠌ ᠦᠨ ᠦᠨᠳᠦᠰᠦᠨ ᠦ ᠬᠥᠲᠥᠯᠪᠦᠷᠢ》 ᠍ ᠦᠨ ᠬᠡᠷᠡᠭᠵᠢᠯᠲᠡ᠂ ᠡᠨᠡ ᠬᠦᠷᠢᠶᠡᠨ ᠳᠥ ᠲᠥᠷᠥ ᠶᠢᠨ ᠠᠯᠪᠠᠨ ᠬᠡᠷᠡᠭ ᠢ 2025 ᠣᠨ ᠠᠴᠠ ᠬᠣᠣᠰ ᠪᠢᠴᠢᠭ᠌ ᠢᠶᠡᠷ ᠬᠥᠲᠥᠯᠬᠦ ᠪᠡᠷ ᠬᠠᠤᠯᠢᠴᠢᠯᠠᠭᠰᠠᠨ ᠲᠠᠢ ᠬᠣᠯᠪᠣᠭᠳᠠᠭᠤᠯᠤᠨ ᠪᠡᠯᠡᠳᠬᠡᠯ ᠠᠵᠢᠯ ᠤᠨ ᠶᠠᠪᠤᠴᠠ᠂ ᠪᠣᠯᠪᠠᠰᠤᠨ ᠬᠦᠴᠦᠨ ᠦ ᠬᠠᠩ᠋ᠭᠠᠮᠵᠢ᠂ ᠰᠠᠭᠤᠷᠢ ᠬᠡᠷᠡᠭᠯᠡᠭᠡᠨ ᠦ ᠲᠦᠪᠰᠢᠨ ᠵᠡᠷᠭᠡ ᠬᠣᠯᠪᠣᠭᠣᠳᠠᠬᠤ ᠠᠵᠢᠯ ᠤᠨ ᠬᠦᠷᠢᠶᠡᠨ ᠳᠥ ᠮᠡᠳᠡᠭᠡᠯᠡᠯ ᠲᠠᠨᠢᠯᠴᠠᠭᠤᠯᠤᠭᠰᠠᠨ ᠶᠤᠮ᠃
ᠤᠯᠤᠰ ᠤᠨ ᠶᠡᠬᠡ ᠬᠤᠷᠠᠯ ᠤᠨ ᠭᠡᠰᠢᠭᠦᠨ᠂ ᠪᠣᠯᠪᠠᠰᠤᠷᠠᠯ᠂ ᠰᠣᠶᠣᠯ᠂ ᠰᠢᠨᠵᠢᠯᠡᠬᠦ ᠤᠬᠠᠭᠠᠨ᠂ ᠰᠫᠣᠷᠲ ᠤᠨ ᠪᠠᠶᠢᠩ᠋ᠭᠤ ᠶᠢᠨ ᠬᠣᠷᠢᠶᠠᠨ ᠍ ᠤ ᠳᠠᠷᠤᠭ᠎ᠠ᠂ ᠠᠵᠢᠯ ᠤᠨ ᠬᠡᠰᠡᠭ ᠦᠨ ᠠᠬᠠᠯᠠᠭᠴᠢ ᠭᠤ‍᠂ ᠮᠥᠩᠬᠡᠴᠡᠴᠡᠭ᠂ ᠳᠡᠭᠡᠷᠡᠬᠢ ᠠᠭᠤᠯᠭ᠎ᠠ ᠶᠢᠨ ᠬᠦᠷᠢᠶᠡᠨ ᠳᠥ ᠬᠢᠭ᠍ᠳᠡᠭᠰᠡᠨ ᠰᠠᠭᠤᠷᠢ ᠰᠤᠳᠤᠯᠭ᠎ᠠ ᠮᠡᠳᠡᠭᠡᠯᠡᠯ ᠢ ᠨᠢᠭᠡᠳᠬᠡᠨ ᠪᠣᠯᠪᠠᠰᠤᠷᠠᠭᠤᠯᠵᠤ᠂ ᠰᠠᠯᠪᠤᠷᠢ ᠬᠣᠭᠣᠷᠣᠨᠳᠣ ᠶᠢᠨ ᠤᠶᠠᠯᠳᠤᠭ᠎ᠠ ᠶᠢ ᠰᠠᠶᠢᠵᠢᠷᠠᠭᠤᠯᠵᠤ᠂ ᠪᠦᠲᠦᠭᠡᠯᠴᠢ ᠬᠠᠮᠲᠤ ᠶᠢᠨ ᠠᠵᠢᠯᠯᠠᠭ᠎ᠠ ᠶᠢ ᠨᠡᠮᠡᠭᠳᠡᠭᠦᠯᠦᠭᠰᠡᠨ ᠢᠶᠡᠷ ᠪᠣᠳᠠᠲᠤ ᠦᠷ᠎ᠡ ᠳ᠋ᠦᠩ ᠳᠥ ᠬᠦᠷᠬᠦ ᠤᠴᠢᠷ ᠲᠠᠢ ᠶᠢ ᠲᠡᠮᠳᠡᠭᠯᠡᠪᠡ᠃ ᠲᠡᠭᠦᠨᠴᠢᠯᠡᠨ ᠦᠨᠳᠦᠰᠦᠨ ᠦ ᠬᠡᠯᠡ᠂ ᠪᠢᠴᠢᠭ᠌ ᠦᠨ ᠬᠡᠷᠡᠭᠯᠡᠭᠡ᠂ ᠠᠴᠢ ᠬᠣᠯᠪᠣᠭᠳᠠᠯ ᠢ ᠲᠣᠳᠣᠳᠬᠠᠭᠰᠠᠨ ᠨᠡᠶᠢᠭᠡᠮ᠂ ᠰᠣᠶᠣᠯ ᠤᠨ ᠨᠥᠯᠥᠭᠡᠯᠡᠯ ᠦᠨ ᠠᠵᠢᠯ ᠤᠳ ᠢ ᠦᠶ᠎ᠡ ᠱᠠᠲᠤ ᠲᠠᠢ ᠪᠠᠷ ᠬᠡᠷᠡᠭᠵᠢᠭᠦᠯᠬᠦ ᠨᠢ ᠴᠢᠬᠤᠯᠠ ᠭᠡᠳᠡᠭ ᠲᠥ ᠠᠵᠢᠯ ᠤᠨ ᠬᠡᠰᠡᠭ ᠦᠨ ᠭᠡᠰᠢᠭᠦᠳ ᠰᠠᠨᠠᠯ ᠨᠢᠭᠡᠳᠦᠯ᠎ᠡ᠃

ᠮᠥᠨ ᠡᠨᠡ ᠦᠶ᠎ᠡ ᠪᠡᠷ ᠤᠯᠤᠰ ᠤᠨ ᠶᠡᠬᠡ ᠬᠤᠷᠠᠯ ᠤᠨ ᠭᠡᠰᠢᠭᠦᠨ ᠴ᠂ ᠮᠥᠩᠬᠡᠴᠡᠴᠡᠭ᠂ ᠬᠡᠯᠡᠯᠴᠡᠵᠦ ᠪᠤᠢ ᠠᠰᠠᠭᠤᠳᠠᠯ ᠲᠠᠢ ᠬᠣᠯᠪᠣᠭᠳᠠᠭᠤᠯᠤᠨ ᠰᠤᠷᠭᠠᠯᠲᠠ ᠶᠢᠨ ᠬᠥᠲᠥᠯᠪᠦᠷᠢ᠂ ᠰᠤᠷᠬᠤ ᠪᠢᠴᠢᠭ᠌ ᠦᠨ ᠠᠭᠤᠯᠭ᠎ᠠ ᠠᠴᠠ ᠭᠠᠳᠠᠨ᠎ᠠ ᠵᠢᠭᠠᠬᠤ ᠠᠷᠭ᠎ᠠ ᠵᠦᠢ ᠶᠢᠨ ᠰᠢᠨᠡᠴᠢᠯᠡᠯ᠂ ᠪᠦᠲᠦᠭᠡᠯᠴᠢ ᠬᠡᠯᠪᠡᠷᠢ ᠨᠦᠭᠦᠳ ᠢ ᠰᠤᠳᠤᠯᠵᠤ᠂ ᠬᠡᠯᠡᠯᠴᠡᠬᠦ ᠶᠢ ᠰᠠᠨᠠᠯ ᠪᠣᠯᠭᠠᠯ᠎ᠠ᠃ ᠠᠵᠢᠯ ᠤᠨ ᠬᠡᠰᠡᠭ ᠦᠨ ᠳᠠᠷᠤᠭ᠎ᠠ ᠶᠢᠨ ᠡᠭᠡᠯᠵᠢᠲᠦ ᠬᠤᠷᠠᠯ ᠢᠶᠠᠷ ᠦᠨᠳᠦᠰᠦᠨ ᠦ ᠬᠡᠯᠡ᠂ ᠪᠢᠴᠢᠭ᠌ ᠦᠨ ᠦᠨᠡᠯᠡᠮᠵᠢ᠂ ᠬᠡᠷᠡᠭᠯᠡᠭᠡ᠂ ᠡᠷᠬᠡ ᠵᠦᠢ ᠶᠢᠨ ᠣᠷᠴᠢᠨ ᠢ ᠪᠣᠯᠪᠠᠰᠤᠷᠠᠩ᠋ᠭᠤᠢ ᠪᠣᠯᠭᠠᠬᠤ ᠶᠢᠨ ᠲᠤᠯᠠᠳᠠ ᠬᠡᠷᠡᠭᠵᠢᠭᠦᠯᠬᠦ ᠵᠣᠷᠢᠯᠲᠠᠲᠤ ᠰᠢᠢᠳᠦᠯ᠂ ᠨᠢᠭᠡᠳᠦᠭᠰᠡᠨ ᠰᠠᠨᠠᠭᠠᠴᠢᠯᠠᠭ᠎ᠠ ᠶᠢ ᠪᠣᠯᠪᠠᠰᠤᠷᠠᠭᠤᠯᠵᠤ᠂ ᠬᠦᠷᠬᠦ ᠦᠷ᠎ᠡ ᠳ᠋ᠦᠩ ᠦᠨ ᠲᠥᠯᠥᠪᠯᠡᠭᠡ ᠶᠢ ᠬᠡᠯᠡᠯᠴᠡᠬᠦ ᠪᠡᠷ ᠲᠣᠭᠲᠠᠭᠰᠠᠨ ᠶᠤᠮ᠃
ᠥᠨᠥᠳᠥᠷ ᠦᠨ ᠬᠤᠷᠠᠯ ᠳᠤ ᠤᠯᠤᠰ ᠤᠨ ᠶᠡᠬᠡ ᠬᠤᠷᠠᠯ ᠤᠨ ᠭᠡᠰᠢᠭᠦᠨ᠂ ᠪᠣᠯᠪᠠᠰᠤᠷᠠᠯ᠂ ᠰᠣᠶᠣᠯ᠂ ᠰᠢᠨᠵᠢᠯᠡᠬᠦ ᠤᠬᠠᠭᠠᠨ᠂ ᠰᠫᠣᠷᠲ ᠤᠨ ᠪᠠᠶᠢᠩ᠋ᠭᠤ ᠶᠢᠨ ᠬᠣᠷᠢᠶᠠᠨ ᠍ ᠤ ᠳᠠᠷᠤᠭ᠎ᠠ ᠭᠤ᠊᠂ ᠮᠥᠩᠬᠡᠴᠡᠴᠡᠭ᠂ ᠤᠯᠤᠰ ᠤᠨ ᠶᠡᠬᠡ ᠬᠤᠷᠠᠯ ᠤᠨ ᠭᠡᠰᠢᠭᠦᠨ ᠫ᠂ ᠠᠨᠤᠵᠢᠨ᠂ ᠴ᠂ ᠮᠥᠩᠬᠡᠴᠡᠴᠡᠭ᠂ ᠪᠠ᠊᠂ ᠵᠢᠷᠭᠠᠯᠮ᠎ᠠ ᠨᠠᠷ ᠪᠣᠯᠤᠨ ᠠᠵᠢᠯ ᠤᠨ ᠳᠡᠳ᠋ ᠬᠡᠰᠡᠭ ᠦᠨ ᠭᠡᠰᠢᠭᠦᠳ ᠣᠷᠣᠯᠴᠠᠪᠠ ᠬᠡᠮᠡᠨ ᠤᠯᠤᠰ ᠤᠨ ᠶᠡᠬᠡ ᠬᠤᠷᠠᠯ ᠤᠨ ᠬᠡᠪᠯᠡᠯ ᠮᠡᠳᠡᠭᠡᠯᠡᠯ᠂ ᠣᠯᠠᠨ ᠨᠡᠶᠢᠲᠡ ᠲᠡᠢ ᠬᠠᠷᠢᠯᠴᠠᠬᠤ ᠭᠠᠵᠠᠷ ᠠᠴᠠ ᠮᠡᠳᠡᠭᠡᠯᠡᠪᠡ᠃





ᠪᠢᠴᠢᠭᠰᠡᠨ᠄ ᠬᠡᠯᠡᠨ ᠤ ᠪᠤᠳᠤᠯᠭ᠎ᠠ ᠢᠢᠨ ᠦᠨᠳᠦᠰᠦᠨ ᠦ ᠵᠦᠪᠯᠡᠯ


Бичсэн: ХБҮЗ

ᠪᠤᠰᠤᠳ ᠨᠡᠶᠢᠲᠡᠯᠡᠯ