MN / MNG

2022-05-03
ᠵᠥᠪᠯᠡᠯ ᠦᠨ ᠲᠤᠬᠠᠢ

ᠵᠥᠪᠯᠡᠯ ᠦᠨ ᠲᠤᠬᠠᠢ


ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ ᠨᠢ ᠠᠩᠬ᠎ᠠ ᠲᠥᠷᠦ ᠶᠢᠨ ᠬᠡᠯᠡᠨ ᠦ ᠵᠥᠪᠯᠡᠯ ᠨᠡᠷ᠎ᠡ ᠲᠡᠢ ᠪᠡᠷ 2004 ᠣᠨ ᠳᠤ ᠪᠠᠶᠢᠭᠤᠯᠤᠭᠳᠠᠭᠰᠠᠨ᠃ ᠮᠣᠩᠭᠣᠯ ᠤᠯᠤᠰ ᠤᠨ ᠶᠡᠬᠡ ᠬᠤᠷᠠᠯ ᠠᠴᠠ 2003 ᠣᠨ ᠤ 5 ᠳ᠋ᠤᠭᠠᠷ ᠰᠠᠷ᠎ᠠ ᠳᠤ ᠪᠠᠲᠤᠯᠠᠭᠰᠠᠨ 《ᠲᠥᠷᠥ ᠶᠢᠨ ᠠᠯᠪᠠᠨ ᠶᠣᠰᠣᠨ ᠤ ᠬᠡᠯᠡᠨ ᠦ ᠲᠤᠬᠠᠢ》 ᠬᠠᠤᠯᠢ ᠶᠢᠨ 6 ᠳ᠋ᠤᠭᠠᠷ ᠵᠦᠢᠯ ᠳᠦ ᠵᠢᠭᠠᠭᠰᠠᠨ ᠤ ᠳᠠᠭᠠᠤ ᠮᠣᠩᠭᠣᠯ ᠤᠯᠤᠰ ᠤᠨ ᠵᠠᠰᠠᠭ ᠤᠨ ᠭᠠᠵᠠᠷ ᠤᠨ 2004 ᠣᠨ ᠤ 67 ᠳ᠋ᠤᠭᠠᠷ ᠲᠣᠭᠲᠠᠭᠠᠯ ᠢᠶᠠᠷ ᠲᠥᠷᠥ ᠶᠢᠨ ᠬᠡᠯᠡᠨ ᠦ ᠵᠥᠪᠯᠡᠯ ᠦᠨ ᠪᠦᠷᠢᠯᠳᠦᠬᠦᠨ᠂ ᠳᠦᠷᠢᠮ ᠢ ᠪᠠᠲᠤᠯᠠᠭᠰᠠᠨ᠃

ᠵᠥᠪᠯᠡᠯ ᠦᠨ ᠳᠠᠷᠤᠭ᠎ᠠ ᠨᠢ ᠰᠤᠶᠤᠯ ᠤᠨ ᠠᠰᠠᠭᠤᠳᠠᠯ ᠡᠷᠬᠢᠯᠡᠭᠰᠡᠨ ᠵᠠᠰᠠᠭ ᠤᠨ ᠭᠠᠵᠠᠷ ᠤᠨ ᠭᠡᠰᠢᠭᠦᠨ ᠪᠠᠶᠢᠳᠠᠭ ᠪᠥᠭᠡᠳ ᠪᠣᠯᠪᠠᠰᠤᠷᠠᠯ᠂ ᠰᠤᠶᠤᠯ᠂ ᠰᠢᠨᠵᠢᠯᠡᠬᠦ ᠤᠬᠠᠭᠠᠨ᠂ ᠬᠠᠤᠯᠢ ᠵᠦᠢ᠂ ᠭᠠᠳᠠᠭᠠᠳᠤ ᠬᠠᠷᠢᠯᠴᠠᠭ᠎ᠠ᠂ ᠦᠢᠯᠡᠳᠪᠦᠷᠢ᠂ ᠬᠤᠳᠠᠯᠳᠤᠭᠠᠨ ᠤ ᠠᠰᠠᠭᠤᠳᠠᠯ ᠡᠷᠬᠢᠯᠡᠭᠰᠡᠨ ᠲᠥᠷᠥ ᠶᠢᠨ ᠵᠠᠬᠢᠷᠭᠠᠨ ᠤ ᠲᠥᠪ ᠪᠠᠶᠢᠭᠤᠯᠤᠯᠭ᠎ᠠ᠂ ᠨᠡᠶᠢᠰᠯᠡᠯ ᠦᠨ ᠵᠠᠬᠢᠷᠭ᠎ᠠ ᠪᠣᠯᠤᠨ ᠮᠡᠷᠭᠡᠵᠢᠯ ᠦᠨ ᠪᠠᠶᠢᠭᠤᠯᠤᠯᠭ᠎ᠠ ᠶᠢᠨ ᠲᠥᠯᠥᠭᠡᠯᠡᠯ ᠡᠴᠡ ᠪᠦᠷᠢᠳᠦᠭᠰᠡᠨ 11 ᠭᠡᠰᠢᠭᠦᠨ ᠲᠡᠢ ᠪᠠᠶᠢᠪᠠ᠃

ᠵᠥᠪᠯᠡᠯ ᠦᠨ ᠦᠢᠯᠡ ᠠᠵᠢᠯᠯᠠᠭᠠᠨ ᠤ ᠦᠨᠳᠦᠰᠦᠨ ᠬᠡᠯᠪᠡᠷᠢ ᠨᠢ ᠬᠤᠷᠠᠯᠳᠤᠭᠠᠨ ᠪᠥᠭᠡᠳ ᠲᠥᠷᠥ ᠶᠢᠨ ᠠᠯᠪᠠᠨ ᠶᠣᠰᠣᠨ ᠤ ᠬᠡᠯᠡᠨ ᠦ ᠲᠤᠬᠠᠢ᠂ ᠰᠤᠶᠤᠯ ᠤᠨ ᠲᠤᠬᠠᠢ᠂ ᠰᠤᠶᠤᠯ ᠤᠨ ᠥᠪ ᠢ ᠬᠠᠮᠠᠭᠠᠯᠠᠬᠤ ᠲᠤᠬᠠᠢ ᠬᠠᠤᠯᠢ ᠪᠣᠯᠤᠨ ᠬᠣᠯᠪᠣᠭᠳᠠᠬᠤ ᠪᠤᠰᠤᠳ ᠬᠠᠤᠯᠢ ᠲᠣᠭᠲᠠᠭᠠᠮᠵᠢ ᠶᠢ ᠤᠳᠤᠷᠢᠳᠤᠯᠭ᠎ᠠ ᠪᠣᠯᠭᠠᠨ ᠠᠵᠢᠯᠯᠠᠳᠠᠭ᠃ ᠲᠥᠷᠥ ᠶᠢᠨ ᠬᠡᠯᠡᠨ ᠦ ᠵᠥᠪᠯᠡᠯ ᠨᠢ ᠡᠳᠦᠷ ᠲᠤᠲᠤᠮ ᠤᠨ ᠠᠵᠢᠯ ᠭᠦᠢᠴᠡᠳᠭᠡᠬᠦ ᠣᠷᠣᠨ ᠲᠣᠭᠠᠨ ᠤ ᠠᠵᠢᠯ ᠤᠨ ᠠᠯᠪᠠ ᠲᠠᠢ ᠠᠵᠢᠯᠯᠠᠵᠤ ᠪᠠᠶᠢᠯ᠎ᠠ᠃

ᠮᠣᠩᠭᠣᠯ ᠤᠯᠤᠰ ᠤᠨ ᠶᠡᠬᠡ ᠬᠤᠷᠠᠯ ᠠᠴᠠ 2015 ᠣᠨ ᠤ 02 ᠳ᠋ᠤᠭᠠᠷ ᠰᠠᠷ᠎ᠠ ᠶᠢᠨ 12 ᠍ ᠤ ᠡᠳᠦᠷ 《ᠮᠣᠩᠭᠣᠯ ᠬᠡᠯᠡᠨ ᠦ ᠲᠤᠬᠠᠢ ᠬᠠᠤᠯᠢ》 ᠍ ᠢ ᠪᠠᠲᠤᠯᠠᠵᠤ᠂ 2015 ᠣᠨ ᠤ 07 ᠳ᠋ᠤᠭᠠᠷ ᠰᠠᠷ᠎ᠠ ᠶᠢᠨ 01 ᠍ ᠨ ᠡᠴᠡ ᠬᠠᠤᠯᠢ ᠶᠢ ᠬᠦᠴᠦᠨ ᠲᠡᠭᠦᠯᠳᠡᠷ ᠮᠥᠷᠳᠡᠪᠡ᠃

ᠮᠣᠩᠭᠣᠯ ᠬᠡᠯᠡᠨ ᠦ ᠬᠠᠤᠯᠢ ᠬᠡᠷᠡᠭᠵᠢᠵᠦ ᠡᠬᠢᠯᠡᠭᠰᠡᠨ ᠢᠶᠡᠷ ᠲᠥᠷᠦ ᠶᠢᠨ ᠠᠯᠪᠠᠨ ᠶᠣᠰᠣᠨ ᠤ ᠬᠡᠯᠡᠨ ᠦ ᠲᠤᠬᠠᠢ ᠬᠠᠤᠯᠢ ᠬᠦᠴᠦᠨ ᠭᠦᠢ ᠪᠣᠯᠵᠤ᠂ ᠮᠣᠩᠭᠣᠯ ᠬᠡᠯᠡᠨ ᠦ ᠬᠠᠤᠯᠢ ᠶᠢᠨ 21 ᠳ᠋ᠦ᠋ᠭᠡᠷ ᠵᠦᠢᠯ ᠦᠨ 21.1 ᠍ ᠲᠤ ᠵᠢᠭᠠᠭᠰᠠᠨ ᠢᠶᠠᠷ ᠲᠥᠷᠦ ᠶᠢᠨ ᠬᠡᠯᠡᠨ ᠦ ᠵᠥᠪᠯᠡᠯ ᠨᠢ ᠮᠣᠩᠭᠣᠯ ᠬᠡᠯᠡ ᠶᠢ ᠬᠠᠮᠠᠭᠠᠯᠠᠬᠤ ᠬᠥᠭᠵᠢᠭᠦᠯᠬᠦ ᠡᠭᠦᠷᠭᠡ ᠪᠦᠬᠦᠢ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠳᠡᠷᠭᠡᠳᠡ ᠠᠵᠢᠯᠯᠠᠬᠤ ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ ᠪᠣᠯᠵᠤ ᠥᠭᠡᠷᠡᠴᠢᠯᠡᠭᠳᠡᠯ᠎ᠡ᠃

ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ 2015 ᠣᠨ ᠤ 7 ᠳ᠋ᠤᠭᠠᠷ ᠰᠠᠷ᠎ᠠ ᠶᠢᠨ 6 ᠍ ᠤ ᠡᠳᠦᠷ ᠦᠨ 133 ᠳ᠋ᠤᠭᠠᠷ ᠵᠠᠷᠯᠢᠭ ᠶᠣᠰᠣᠭᠠᠷ ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ ᠢ ᠪᠠᠶᠢᠭᠤᠯᠵᠤ᠂ ᠦᠨᠳᠦᠰᠦᠨ ᠪᠦᠷᠢᠯᠳᠦᠬᠦᠨ ᠢ ᠪᠠᠲᠤᠯᠠᠪᠠ᠃ ᠡᠶᠢᠨᠬᠦᠦ ᠵᠥᠪᠯᠡᠯ 9 ᠭᠡᠰᠢᠭᠦᠨ ᠲᠡᠢ᠂ ᠳᠠᠷᠤᠭ᠎ᠠ᠂ ᠠᠵᠢᠯ ᠤᠨ ᠠᠯᠪᠠ ᠲᠠᠢ ᠠᠵᠢᠯᠯᠠᠵᠤ ᠪᠠᠶᠢᠨ᠎ᠠ᠃

ᠵᠥᠪᠯᠡᠯ ᠦᠨ 2015 ᠣᠨ ᠤ 9 ᠳᠦᠭᠡᠷ ᠰᠠᠷ᠎ᠠ ᠶᠢᠨ 22 ᠍ ᠤ ᠡᠳᠦᠷ ᠦᠨ ᠬᠤᠷᠠᠯ ᠤᠨ 01 ᠳᠦᠭᠡᠷ ᠲᠣᠭᠲᠠᠭᠠᠯ ᠢᠶᠠᠷ ᠵᠥᠪᠯᠡᠯ ᠦᠨ ᠦᠢᠯᠡ ᠠᠵᠢᠯᠯᠠᠭᠠᠨ ᠤ ᠳᠦᠷᠢᠮ ᠢ ᠪᠠᠲᠤᠯᠠᠭᠰᠠᠨ᠃

ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ ᠦᠨ ᠠᠵᠢᠯ ᠤᠨ ᠠᠯᠪᠠ


ᠪᠢᠴᠢᠭᠰᠡᠨ᠄ ᠬᠡᠯᠡᠨ ᠤ ᠪᠤᠳᠤᠯᠭ᠎ᠠ ᠢᠢᠨ ᠦᠨᠳᠦᠰᠦᠨ ᠦ ᠵᠦᠪᠯᠡᠯ


Бичсэн: ХБҮЗ