MN / MNG

2023-09-15
《ᠮᠣᠩ᠋ᠭᠣᠯ ᠬᠡᠯᠡᠨ ᠦ ᠨᠤᠲᠤᠭ ᠤᠨ ᠠᠶᠠᠯᠭᠤᠨ ᠤ ᠰᠤᠳᠤᠯᠭ᠎ᠠ》 ᠣᠯᠠᠨ ᠤᠯᠤᠰ ᠤᠨ ᠡᠷᠳᠡᠮ ᠰᠢᠨᠵᠢᠯᠡᠭᠡᠨ ᠦ ᠬᠤᠷᠠᠯ 9 ᠳ᠋ᠤᠭᠡᠷ ᠰᠠᠷ᠎ᠠ ᠶᠢᠨ 15 ᠍ ᠤ ᠡᠳᠦᠷ ᠮᠣᠩ᠋ᠭᠣᠯ ᠤᠯᠤᠰ ᠤᠨ ᠶᠡᠬᠡ ᠰᠤᠷᠭᠠᠭᠤᠯᠢ ᠶᠢᠨ ᠪᠠᠭᠰᠢ᠂ ᠣᠶᠤᠲᠠᠨ ᠤ ᠬᠥᠭ᠍ᠵᠢᠯ ᠦᠨ ᠲᠥᠪ ᠦᠨ 502 ᠲᠣᠭᠠᠲᠤ ᠲᠠᠩᠬᠢᠮ ᠳᠤ ᠪᠣᠯᠤᠯ᠎ᠠ᠃

《ᠮᠣᠩ᠋ᠭᠣᠯ ᠬᠡᠯᠡᠨ ᠦ ᠨᠤᠲᠤᠭ ᠤᠨ ᠠᠶᠠᠯᠭᠤᠨ ᠤ ᠰᠤᠳᠤᠯᠭ᠎ᠠ》 ᠣᠯᠠᠨ ᠤᠯᠤᠰ ᠤᠨ ᠡᠷᠳᠡᠮ ᠰᠢᠨᠵᠢᠯᠡᠭᠡᠨ ᠦ ᠬᠤᠷᠠᠯ 9 ᠳ᠋ᠤᠭᠡᠷ ᠰᠠᠷ᠎ᠠ ᠶᠢᠨ 15 ᠍ ᠤ ᠡᠳᠦᠷ ᠮᠣᠩ᠋ᠭᠣᠯ ᠤᠯᠤᠰ ᠤᠨ ᠶᠡᠬᠡ ᠰᠤᠷᠭᠠᠭᠤᠯᠢ ᠶᠢᠨ ᠪᠠᠭᠰᠢ᠂ ᠣᠶᠤᠲᠠᠨ ᠤ ᠬᠥᠭ᠍ᠵᠢᠯ ᠦᠨ ᠲᠥᠪ ᠦᠨ 502 ᠲᠣᠭᠠᠲᠤ ᠲᠠᠩᠬᠢᠮ ᠳᠤ ᠪᠣᠯᠤᠯ᠎ᠠ᠃



ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ ᠤᠭ ᠣᠯᠠᠨ ᠤᠯᠤᠰ ᠤᠨ ᠡᠷᠳᠡᠮ ᠰᠢᠨᠵᠢᠯᠡᠭᠡᠨ ᠦ ᠬᠤᠷᠠᠯ ᠳᠤ ᠬᠠᠮᠲᠤᠷᠠᠨ ᠵᠣᠬᠢᠶᠠᠨ ᠪᠠᠶᠢᠭᠤᠯᠤᠭᠴᠢ ᠪᠠᠷ ᠣᠷᠣᠯᠴᠠᠭᠰᠠᠨ ᠪᠥᠭᠡᠳ ᠬᠤᠷᠠᠯ ᠢ ᠨᠡᠭᠡᠭᠡᠵᠦ ᠰᠢᠨᠵᠢᠯᠡᠬᠦ ᠤᠬᠠᠭᠠᠨ ᠤ ᠠᠺᠠᠳᠡᠮᠢ ᠍ ᠤᠨ ᠬᠡᠯᠡ ᠵᠣᠬᠢᠶᠠᠯ ᠤᠨ ᠬᠦᠷᠢᠶᠡᠯᠡᠩ ᠦᠨ ᠵᠠᠬᠢᠷᠤᠯ ᠵᠠ᠊᠂ ᠪᠠᠲᠤ-ᠢᠷᠡᠭᠡᠳᠦᠢ᠂ ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ ᠦᠨ ᠳᠠᠷᠤᠭ᠎ᠠ ᠯᠤ‍᠂ ᠳᠠᠰᠢᠨᠢᠮ᠎ᠠ᠂ ᠮᠣᠩ᠋ᠭᠣᠯ ᠤᠯᠤᠰ ᠤᠨ ᠶᠡᠬᠡ ᠰᠤᠷᠭᠠᠭᠤᠯᠢ ᠦᠨ ᠰᠢᠨᠵᠢᠯᠡᠬᠦ ᠤᠬᠠᠭᠠᠨ ᠤ ᠰᠤᠷᠭᠠᠭᠤᠯᠢ ᠶᠢᠨ ᠵᠠᠬᠢᠷᠤᠯ ᠳᠠ᠊᠂ ᠵᠠᠶᠠᠭᠠᠪᠠᠭᠠᠲᠤᠷ᠂ ᠮᠣᠩ᠋ᠭᠣᠯ ᠤᠯᠤᠰ ᠤᠨ ᠪᠤᠯᠪᠠᠰᠤᠷᠠᠯ ᠤᠨ ᠶᠡᠬᠡ ᠰᠤᠷᠭᠠᠭᠤᠯᠢ᠍ ᠢᠢᠨ ᠨᠡᠶᠢᠭᠡᠮ᠂ ᠬᠦᠮᠦᠨᠯᠢᠭ ᠦᠨ ᠤᠬᠠᠭᠠᠨ ᠤ ᠰᠤᠷᠭᠠᠭᠤᠯᠢ ᠶᠢᠨ ᠵᠠᠬᠢᠷᠤᠯ ᠭ᠂ ᠠᠭᠢᠮ᠎ᠠ ᠨᠠᠷ ᠦᠭᠡ ᠬᠡᠯᠡᠵᠦ᠂ ᠬᠤᠷᠠᠯ ᠳᠤ ᠣᠷᠣᠯᠴᠠᠭᠴᠢᠳ ᠲᠤ ᠠᠮᠵᠢᠯᠲᠠ ᠬᠦᠰᠡᠯ᠎ᠡ᠃
ᠬᠤᠷᠠᠯ ᠤᠨ ᠨᠡᠭᠡᠭᠡᠯᠲᠡ ᠶᠢᠨ ᠦᠶ᠎ᠡ ᠪᠡᠷ ᠮᠣᠩ᠋ᠭᠣᠯ ᠬᠡᠯᠡᠨ ᠦ ᠦᠭᠡ ᠵᠦᠢ᠂ ᠦᠭᠡ ᠶᠢᠨ ᠰᠠᠩ᠂ ᠮᠣᠩ᠋ᠭᠣᠯ ᠠᠷᠠᠳ ᠤᠨ ᠠᠮᠠᠨ ᠵᠣᠬᠢᠶᠠᠯ᠂ ᠮᠣᠩ᠋ᠭᠣᠯ ᠬᠡᠯᠡᠨ ᠦ ᠨᠤᠲᠤᠭ ᠤᠨ ᠠᠶᠠᠯᠭᠤ᠂ ᠮᠣᠩ᠋ᠭᠣᠯ ᠶᠠᠫᠣᠨ ᠬᠡᠯᠡᠨ ᠦ ᠬᠠᠷᠢᠴᠠᠭᠤᠯᠤᠭᠰᠠᠨ ᠰᠤᠳᠤᠯᠭ᠎ᠠ ᠬᠢᠵᠦ ᠮᠣᠩ᠋ᠭᠣᠯ ᠬᠡᠯᠡ ᠰᠤᠳᠤᠯᠤᠯ ᠢ ᠬᠥᠭ᠍ᠵᠢᠭᠦᠯᠬᠦ ᠳᠥ ᠦᠨᠡᠲᠡᠢ ᠬᠤᠪᠢ ᠨᠡᠮᠡᠷᠢ ᠣᠷᠣᠭᠤᠯᠵᠤ ᠪᠤᠢ ᠶᠠᠫᠣᠨ ᠤ ᠣᠰᠠᠺᠠ ᠶᠡᠬᠡ ᠰᠤᠷᠭᠠᠭᠤᠯᠢ ᠶᠢᠨ ᠫᠷᠣᠹᠧᠰᠰᠣᠷ ᠱᠢᠣᠲ᠋ᠠᠨᠢ ᠱᠢᠭ᠍ᠡᠺᠢ᠂ ᠣᠷᠣᠰ ᠤᠨ ᠬᠣᠯᠪᠣᠭᠠᠨ ᠤ ᠤᠯᠤᠰ ᠤᠨ ᠰᠢᠨᠵᠢᠯᠡᠬᠦ ᠤᠬᠠᠭᠠᠨ ᠤ ᠠᠺᠠᠳᠡᠮᠢ ᠍ ᠤᠨ ᠰᠢᠪᠢᠷ ᠤᠨ ᠰᠠᠯᠪᠤᠷᠢ ᠶᠢᠨ ᠮᠣᠩ᠋ᠭᠣᠯ᠂ ᠪᠤᠢᠳ᠋ᠳ᠋ᠾᠠ᠂ ᠲᠥᠪᠡᠳ ᠰᠤᠳᠤᠯᠤᠯ ᠤᠨ ᠬᠦᠷᠢᠶᠡᠯᠡᠩ ᠦᠨ ᠬᠡᠯᠡ ᠪᠢᠴᠢᠭ᠌ ᠦᠨ ᠲᠠᠰᠤᠭ ᠤᠨ ᠡᠷᠬᠢᠯᠡᠭᠴᠢ ᠰᠤᠢᠨᠳᠤᠢᠶᠧᠸᠠ ᠶᠧᠺᠠᠲ᠋ᠧᠷᠢᠨ᠎ᠠ᠂ ᠣᠷᠣᠰ ᠤᠨ ᠬᠣᠯᠪᠣᠭᠠᠨ ᠤ ᠤᠯᠤᠰ ᠤᠨ ᠰᠢᠨᠵᠢᠯᠡᠬᠦ ᠤᠬᠠᠭᠠᠨ ᠤ ᠠᠺᠠᠳᠡᠮᠢ ᠍ ᠤᠨ ᠰᠢᠪᠢᠷ ᠤᠨ ᠰᠠᠯᠪᠤᠷᠢ ᠶᠢᠨ ᠮᠣᠩ᠋ᠭᠣᠯ᠂ ᠪᠤᠢᠳ᠋ᠳ᠋ᠾᠠ᠂ ᠲᠥᠪᠡᠳ ᠰᠤᠳᠤᠯᠤᠯ ᠤᠨ ᠬᠦᠷᠢᠶᠡᠯᠡᠩ ᠦᠨ ᠡᠷᠳᠡᠮ ᠰᠢᠨᠵᠢᠯᠡᠭᠡᠨ ᠦ ᠠᠬᠠᠯᠠᠬᠤ ᠠᠵᠢᠯᠲᠠᠨ ᠴᠢᠷᠧᠨᠤᠪ ᠪᠠᠪᠠᠰᠠᠨ ᠳᠣᠷᠵᠢᠸᠡᠸᠢᠴ᠂ ᠥᠪᠡᠷ ᠮᠣᠩ᠋ᠭᠣᠯ ᠤᠨ ᠶᠡᠬᠡ ᠰᠤᠷᠭᠠᠭᠤᠯᠢ ᠶᠢᠨ ᠮᠣᠩ᠋ᠭᠣᠯ ᠰᠤᠳᠤᠯᠤᠯ ᠤᠨ ᠳᠡᠭᠡᠳᠦ ᠰᠤᠷᠭᠠᠭᠤᠯᠢ ᠶᠢᠨ ᠪᠠᠭᠰᠢ᠂ ᠫᠷᠣᠹᠧᠰᠰᠣᠷ ᠯ᠂ ᠰᠡᠴᠡᠨᠭ᠌- ᠪᠠᠭᠠᠲᠤᠷ ᠨᠠᠷ ᠢ ᠮᠣᠩ᠋ᠭᠣᠯ ᠤᠯᠤᠰ ᠤᠨ ᠵᠠᠰᠠᠭ ᠤᠨ ᠭᠠᠵᠠᠷ ᠤᠨ ᠱᠠᠩᠨᠠᠯ ᠪᠣᠯᠬᠤ 《ᠰᠢᠨᠵᠢᠯᠡᠬᠦ ᠤᠬᠠᠭᠠᠨ ᠤ ᠲᠡᠷᠢᠭᠦᠨ ᠦ ᠠᠵᠢᠯᠲᠠᠨ》 ᠬᠦᠨᠳᠦᠳᠥ ᠲᠡᠮᠳᠡᠭ ᠢᠶᠡᠷ ᠱᠠᠩᠨᠠᠭᠰᠠᠨ ᠢ ᠬᠤᠷᠠᠯ ᠵᠣᠬᠢᠶᠠᠨ ᠪᠠᠶᠢᠭᠤᠯᠤᠭᠴᠢᠳ ᠭᠠᠷᠳᠠᠭᠤᠯᠵᠤ ᠥᠭ᠍ᠭᠦᠯ᠎ᠡ᠃

《ᠮᠣᠩ᠋ᠭᠣᠯ ᠬᠡᠯᠡᠨ ᠦ ᠨᠤᠲᠤᠭ ᠤᠨ ᠠᠶᠠᠯᠭᠤᠨ ᠤ ᠰᠤᠳᠤᠯᠭ᠎ᠠ》 ᠣᠯᠠᠨ ᠤᠯᠤᠰ ᠤᠨ ᠡᠷᠳᠡᠮ ᠰᠢᠨᠵᠢᠯᠡᠭᠡᠨ ᠦ ᠬᠤᠷᠠᠯ ᠳᠤ ᠶᠠᠫᠣᠨ᠂ ᠣᠷᠣᠰ᠂ ᠬᠢᠲᠠᠳ᠂ ᠤᠢᠩ᠋ᠭᠠᠷ᠂ ᠮᠣᠩ᠋ᠭᠣᠯ ᠤᠯᠤᠰ ᠤᠨ ᠨᠡᠶᠢᠲᠡ 30 ᠍ᠤᠷᠴᠢᠮ ᠡᠷᠳᠡᠮᠲᠡᠨ ᠢᠯᠡᠳᠬᠡᠯ ᠬᠡᠯᠡᠯᠴᠡᠭᠦᠯᠦᠯ᠎ᠡ᠃ ᠡᠨᠡ ᠦᠶ᠎ᠡ ᠪᠡᠷ ᠣᠯᠠᠨ ᠤᠯᠤᠰ ᠤᠨ ᠮᠣᠩ᠋ᠭᠣᠯᠴᠢ ᠡᠷᠳᠡᠮᠲᠡᠳ ᠪᠣᠯᠤᠨ ᠮᠣᠩ᠋ᠭᠣᠯ ᠤᠯᠤᠰ ᠤᠨ ᠰᠤᠳᠤᠯᠤᠭᠠᠴᠢ ᠡᠷᠳᠡᠮᠲᠡᠳ ᠮᠣᠩ᠋ᠭᠣᠯ ᠬᠡᠯᠡᠨ ᠦ ᠨᠤᠲᠤᠭ ᠤᠨ ᠠᠶᠠᠯᠭᠤ᠂ ᠰᠠᠯᠪᠤᠷᠢ ᠠᠮᠠᠨ ᠠᠶᠠᠯᠭᠤᠨ ᠤ ᠲᠠᠯᠠᠭᠠᠷᠬᠢ ᠥᠪᠡᠷᠰᠡᠳ ᠦᠨ ᠰᠤᠳᠤᠯᠭᠠᠨ ᠤ ᠦᠷ᠎ᠡ ᠳ᠋ᠦᠩ ᠢ ᠲᠠᠨᠢᠯᠴᠠᠭᠤᠯᠵᠤ᠂ ᠮᠣᠩ᠋ᠭᠣᠯ ᠬᠡᠯᠡᠨ ᠦ ᠨᠤᠲᠤᠭ ᠤᠨ ᠠᠶᠠᠯᠭᠤ ᠰᠤᠳᠤᠯᠤᠯ ᠤᠨ ᠣᠯᠤᠯᠲᠠ ᠠᠮᠵᠢᠯᠲᠠ᠂ ᠴᠢᠨᠠᠭᠰᠢᠳᠠ ᠶᠢᠨ ᠵᠣᠷᠢᠯᠲᠠ ᠶᠢᠨ ᠲᠠᠯ᠎ᠠ ᠪᠠᠷ ᠬᠡᠯᠡᠯᠴᠡᠯ᠎ᠡ᠃
ᠮᠥᠨ ᠬᠤᠷᠠᠯ ᠤᠨ ᠦᠶ᠎ᠡ ᠪᠡᠷ ᠵᠤ᠊᠂ ᠲᠡᠮᠦᠷᠴᠡᠷᠡᠩ 《ᠪᠦᠲᠦᠭᠡᠯ ᠦᠨ ᠴᠢᠭᠤᠯᠭᠠᠨ》 I᠂ II᠂ III ᠪᠣᠲᠢ ᠨᠣᠮ ᠤᠨ ᠨᠡᠭᠡᠭᠡᠯᠲᠡ ᠪᠣᠯᠵᠤ᠂ ᠵᠤ᠊᠂ ᠲᠡᠮᠦᠷᠴᠡᠷᠡᠩ ᠠᠭᠰᠠᠨ ᠤ ᠥᠬᠢᠨ ᠲᠥ᠊᠂ ᠲᠤᠤᠯᠠ᠂ ᠦᠵᠦᠮᠴᠢᠨ ᠰᠤᠳᠤᠯᠤᠯ ᠢ ᠳᠡᠮᠵᠢᠬᠦ ᠰᠠᠩ ᠤᠨ ᠤᠳᠤᠷᠢᠳᠬᠤ ᠵᠥᠪᠯᠡᠯ ᠦᠨ ᠭᠡᠰᠢᠭᠦᠨ ᠠ᠊᠂ ᠫᠤᠨᠭᠰᠠᠭ᠂ ᠰᠢᠨᠵᠢᠯᠡᠬᠦ ᠤᠬᠠᠭᠠᠨ ᠤ ᠠᠺᠠᠳᠡᠮᠢ ᠍ ᠤᠨ ᠬᠡᠯᠡ ᠵᠣᠬᠢᠶᠠᠯ ᠤᠨ ᠬᠦᠷᠢᠶᠡᠯᠡᠨᠭ᠌ ᠍ ᠤᠨ ᠬᠡᠯᠡ ᠰᠢᠨᠵᠢᠯᠡᠯ ᠦᠨ ᠰᠠᠯᠪᠤᠷᠢ ᠶᠢᠨ ᠡᠷᠬᠢᠯᠡᠭᠴᠢ ᠳᠠ᠊᠂ ᠪᠣᠷᠣᠯᠵᠠᠢ ᠨᠠᠷ ᠦᠭᠡ ᠬᠡᠯᠡᠵᠦ᠂ 《ᠮᠣᠩ᠋ᠭᠣᠯ ᠬᠡᠯᠡᠨ ᠦ ᠨᠤᠲᠤᠭ ᠤᠨ ᠠᠶᠠᠯᠭᠤᠨ ᠤ ᠰᠤᠳᠤᠯᠭ᠎ᠠ》 ᠣᠯᠠᠨ ᠤᠯᠤᠰ ᠤᠨ ᠡᠷᠳᠡᠮ ᠰᠢᠨᠵᠢᠯᠡᠭᠡᠨ ᠦ ᠬᠤᠷᠠᠯ ᠤᠨ ᠬᠦᠨᠳᠦᠲᠦ ᠵᠣᠴᠢᠳ᠂ ᠮᠣᠩ᠋ᠭᠣᠯᠴᠢ ᠡᠷᠳᠡᠮᠲᠡᠳ᠂ ᠬᠤᠷᠠᠯ ᠳᠤ ᠣᠷᠣᠯᠴᠠᠭᠴᠢᠳ ᠲᠤ ᠨᠣᠮ ᠤᠨ ᠳᠡᠭᠡᠵᠢ ᠡᠴᠡ ᠡᠷᠭᠦᠨ ᠪᠠᠷᠢᠯ᠎ᠠ᠃





ᠪᠢᠴᠢᠭᠰᠡᠨ᠄ ᠬᠡᠯᠡᠨ ᠤ ᠪᠤᠳᠤᠯᠭ᠎ᠠ ᠢᠢᠨ ᠦᠨᠳᠦᠰᠦᠨ ᠦ ᠵᠦᠪᠯᠡᠯ


Бичсэн: ХБҮЗ

ᠪᠤᠰᠤᠳ ᠨᠡᠶᠢᠲᠡᠯᠡᠯ