MN / MNG

2023-09-08
ᠪᠢᠴᠢᠭ᠌ ᠦᠰᠦᠭ ᠦᠨ ᠣᠯᠠᠨ ᠤᠯᠤᠰ ᠤᠨ ᠡᠳᠦᠷ ᠢ ᠲᠡᠮᠳᠡᠭᠯᠡᠯ ᠡ

ᠪᠢᠴᠢᠭ᠌ ᠦᠰᠦᠭ ᠦᠨ ᠣᠯᠠᠨ ᠤᠯᠤᠰ ᠤᠨ ᠡᠳᠦᠷ ᠢ ᠲᠡᠮᠳᠡᠭᠯᠡᠯ ᠡ



1966 ᠣᠨ ᠤ 《ᠪᠣᠯᠪᠠᠰᠤᠷᠠᠯ ᠤᠨ ᠰᠠᠶᠢᠳ ᠨᠠᠷ ᠤᠨ ᠳᠡᠯᠡᠬᠡᠢ ᠶᠢᠨ ᠪᠠᠭ᠎ᠠ ᠬᠤᠷᠠᠯ》 ᠤᠨ ᠦᠶ᠎ᠡ ᠪᠡᠷ ᠰᠠᠨᠠᠭᠠᠴᠢᠯᠠᠨ ᠳᠡᠮᠵᠢᠭᠰᠡᠨ ᠡᠴᠡ ᠬᠣᠶᠢᠰᠢ ᠵᠢᠯ ᠪᠦᠷᠢ ᠶᠢᠨ 09 ᠳ᠋ᠤᠭᠡᠷ ᠰᠠᠷ᠎ᠠ ᠶᠢᠨ 08 ᠍ ᠤ ᠡᠳᠦᠷ ᠢ 《ᠪᠢᠴᠢᠭ᠌ ᠦᠰᠦᠭ ᠦᠨ ᠣᠯᠠᠨ ᠤᠯᠤᠰ ᠤᠨ ᠡᠳᠦᠷ》 ᠪᠣᠯᠭᠠᠨ ᠲᠡᠮᠳᠡᠭᠯᠡᠳᠡᠭ ᠤᠯᠠᠮᠵᠢᠯᠠᠯ ᠲᠣᠭᠲᠠᠵᠤ᠂ ᠪᠦᠬᠦ ᠨᠡᠶᠢᠲᠡ ᠶᠢᠨ ᠰᠣᠶᠣᠯ- ᠪᠣᠯᠪᠠᠰᠤᠷᠠᠯ ᠤᠨ ᠲᠦᠪᠰᠢᠨ ᠢ ᠨᠡᠮᠡᠭᠳᠡᠭᠦᠯᠵᠦ᠂ ᠪᠢᠴᠢᠭ᠌ ᠦᠰᠦᠭ ᠲᠡᠢ ᠪᠣᠯᠬᠤ ᠶᠢᠨ ᠠᠴᠢ ᠬᠣᠯᠪᠣᠭᠳᠠᠯ ᠢ ᠰᠤᠷᠲᠠᠯᠴᠢᠯᠠᠬᠤ᠂ ᠪᠢᠴᠢᠭ᠌ ᠦᠰᠦᠭ ᠲᠠᠶᠢᠯᠤᠭᠳᠠᠬᠤ ᠪᠣᠯᠤᠮᠵᠢ ᠶᠢ ᠬᠦᠮᠦᠨ ᠪᠦᠷᠢ ᠲᠥ ᠲᠡᠭᠰᠢ ᠬᠦᠷᠲᠡᠭᠡᠮᠵᠢ ᠲᠡᠢ ᠣᠯᠭᠤᠬᠤ ᠨᠥᠬᠥᠴᠡᠯ ᠢ ᠪᠦᠷᠢᠳᠦᠭᠦᠯᠬᠦ ᠶᠢᠨ ᠵᠡᠷᠭᠡᠴᠡᠭᠡ ᠪᠦᠬᠦ ᠨᠡᠶᠢᠲᠡ ᠶᠢᠨ ᠡᠬᠡ ᠬᠡᠯᠡᠨ ᠦ ᠪᠣᠯᠪᠠᠰᠤᠷᠠᠯ ᠢ ᠳᠡᠭᠡᠭ᠍ᠰᠢᠯᠡᠭᠦᠯᠬᠦ ᠳᠥ ᠠᠩᠬᠠᠷᠠᠬᠤ ᠪᠣᠯᠤᠭᠰᠠᠨ ᠶᠤᠮ᠃

ᠬᠤᠷᠳᠤᠴᠠ ᠲᠠᠢ ᠬᠤᠪᠢᠰᠤᠨ ᠥᠭᠡᠷᠡᠴᠢᠯᠡᠭᠳᠡᠵᠦ ᠪᠤᠢ ᠣᠯᠠᠨ ᠤᠯᠤᠰ ᠤᠨ ᠨᠥᠬᠥᠴᠡᠯ ᠪᠠᠶᠢᠳᠠᠯ ᠨᠢ ᠪᠢᠴᠢᠭ᠌ ᠦᠰᠦᠭ ᠲᠠᠶᠢᠯᠤᠭᠳᠠᠬᠤ ᠶᠠᠪᠤᠴᠠ ᠶᠢ ᠤᠳᠠᠭᠠᠰᠢᠷᠠᠭᠤᠯᠵᠤ᠂ ᠤᠯᠠᠮ ᠢᠶᠠᠷ ᠲᠡᠭᠰᠢ ᠪᠤᠰᠤ ᠪᠠᠶᠢᠳᠠᠯ ᠢ ᠤᠯᠤᠰ ᠣᠷᠣᠨ᠂ ᠪᠦᠰᠡ ᠨᠤᠲᠤᠭ᠂ ᠬᠦᠮᠦᠨ ᠠᠮᠠ ᠶᠢᠨ ᠳᠤᠮᠳᠠ ᠤᠯᠠᠮ ᠨᠡᠮᠡᠭᠳᠡᠭᠦᠯᠬᠦ ᠪᠣᠯᠤᠭᠰᠠᠨ ᠪᠢᠯᠡ ᠃ ᠪᠠᠭ᠎ᠠ ᠪᠣᠯᠤᠨ ᠳᠤᠮᠳᠠᠴᠢ ᠣᠷᠣᠯᠭ᠎ᠠ ᠲᠠᠢ ᠤᠯᠤᠰ ᠣᠷᠣᠨ ᠨᠤᠭᠤᠳ ᠲᠤ ᠡᠩ ᠦᠨ ᠪᠢᠴᠢᠪᠦᠷᠢ ᠶᠢ ᠤᠩᠰᠢᠵᠤ᠂ ᠪᠦᠷᠢᠨ ᠤᠶᠢᠯᠠᠭᠠᠬᠤ ᠴᠢᠳᠠᠪᠤᠷᠢ ᠦᠭᠡᠢ 10 ᠨᠠᠰᠤᠲᠠᠢ ᠬᠡᠦᠬᠡᠳ ᠦᠨ ᠡᠵᠡᠯᠡᠬᠦ ᠬᠤᠪᠢ 2019 ᠣᠨ ᠳᠤ 57 ᠬᠤᠪᠢ ᠪᠠᠶᠢᠭᠰᠠᠨ ᠪᠣᠯ 2022 ᠣᠨ ᠳᠤ 70 ᠬᠤᠪᠢ ᠪᠣᠯᠵᠤ ᠥᠰᠦᠭᠡᠳ ᠪᠠᠶᠢᠨ᠎ᠠ᠃ ᠲᠡᠶᠢᠮᠦ ᠡᠴᠡ ᠡᠨᠡ ᠵᠢᠯ ᠦᠨ 《ᠪᠢᠴᠢᠭ᠌ ᠦᠰᠦᠭ ᠦᠨ ᠣᠯᠠᠨ ᠤᠯᠤᠰ ᠤᠨ ᠡᠳᠦᠷ ᠢ 《《ᠬᠤᠪᠢᠰᠤᠨ ᠥᠭᠡᠷᠡᠴᠢᠯᠡᠭᠳᠡᠵᠦ ᠪᠤᠢ ᠳᠡᠯᠡᠬᠡᠢ ᠶᠢᠷᠲᠢᠨᠴᠦ ᠳ᠋ᠥ ᠪᠢᠴᠢᠭ᠌ ᠦᠰᠦᠭ ᠢ ᠲᠦᠭᠡᠭᠡᠨ ᠳᠡᠯᠭᠡᠷᠡᠭᠦᠯᠬᠦ᠄ ᠲᠣᠭᠲᠠᠪᠤᠷᠢᠲᠠᠢ᠂ ᠡᠩᠬᠡ ᠲᠠᠶᠢᠪᠤᠩ ᠨᠡᠶᠢᠭᠡᠮ ᠤᠨ ᠰᠠᠭᠤᠷᠢ ᠦᠨᠳᠦᠰᠦ ᠶᠢ ᠲᠠᠯᠪᠢᠬᠤ ᠨᠢ》 ᠤᠷᠢᠶᠠᠨ ᠳᠣᠣᠷ᠎ᠠ ᠳᠡᠯᠡᠬᠡᠢ ᠳᠠᠶᠠᠭᠠᠷ ᠲᠡᠮᠳᠡᠭᠯᠡᠨ ᠥᠩ᠋ᠭᠡᠷᠡᠭᠦᠯᠵᠦ ᠪᠠᠶᠢᠭ᠎ᠠ ᠶᠤᠮ᠃

ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ United Nations Educational Scientific and Cultural Organization ᠍ ᠠᠴᠠ ᠵᠢᠯ ᠪᠦᠷᠢ ᠲᠡᠮᠳᠡᠭᠯᠡᠨ ᠥᠩ᠋ᠭᠡᠷᠡᠭᠦᠯᠳᠡᠭ ᠡᠨᠡ ᠬᠦ 《ᠪᠢᠴᠢᠭ᠌ ᠦᠰᠦᠭ ᠦᠨ ᠣᠯᠠᠨ ᠤᠯᠤᠰ ᠤᠨ ᠡᠳᠦᠷ》 ᠍ ᠢ ᠲᠣᠬᠢᠶᠠᠯᠳᠤᠭᠤᠯᠤᠨ ᠣᠰᠠᠺᠠ ᠶᠡᠬᠡ ᠰᠤᠷᠭᠠᠭᠤᠯᠢ ᠶᠢᠨ ᠬᠦᠮᠦᠨᠯᠢᠭ ᠦᠨ ᠤᠬᠠᠭᠠᠨ ᠰᠤᠳᠤᠯᠤᠯ ᠤᠨ ᠠᠽᠢ ᠶᠢᠨ 1 ᠳ᠋ᠤᠭᠡᠷ ᠰᠠᠯᠪᠤᠷᠢ ᠶᠢᠨ ᠫᠷᠣᠹᠧᠰᠰᠣᠷ ᠱᠢᠠᠲ᠋ᠤᠨᠢ ᠱᠢᠭᠡᠺᠢ᠂ ᠲᠣᠺᠢᠣ᠋ ᠍ ᠶᠢᠨ ᠭᠠᠳᠠᠭᠠᠳᠤ ᠰᠤᠳᠤᠯᠤᠯ ᠤᠨ ᠶᠡᠬᠡ ᠰᠤᠷᠭᠠᠭᠤᠯᠢ ᠶᠢᠨ ᠫᠷᠣᠹᠧᠰᠰᠣᠷ ᠲᠤᠺᠤᠢᠰᠤ᠊ ᠺᠥᠷᠡᠪᠢᠲ᠋ᠤ᠊ ᠪᠠᠭᠰᠢ ᠨᠠᠷ ᠢ ᠤᠷᠢᠵᠤ᠂ 《ᠮᠣᠩ᠋ᠭᠣᠯ ᠬᠡᠯᠡ ᠪᠢᠴᠢᠭ᠌ ᠦᠨ ᠰᠤᠳᠤᠯᠤᠯ ᠤᠨ ᠲᠤᠯᠭᠠᠮᠳᠠᠭᠰᠠᠨ ᠠᠰᠠᠭᠤᠳᠠᠯ》᠂ 《ᠮᠣᠩ᠋ᠭᠣᠯᠴᠤᠳ ᠤᠨ ᠪᠢᠴᠢᠭ᠌ ᠦᠰᠦᠭ ᠦᠨ ᠲᠡᠦᠬᠡᠨ ᠬᠥᠭ᠍ᠵᠢᠯ》 ᠰᠡᠳᠦᠪ ᠦᠨ ᠬᠦᠷᠢᠶᠡᠨ ᠳᠥ ᠯᠧᠺᠼᠢ ᠶᠠᠷᠢᠯᠴᠠᠯᠭ᠎ᠠ ᠵᠣᠬᠢᠶᠠᠨ ᠪᠠᠶᠢᠭᠤᠯᠤᠯ᠎ᠠ᠃


ᠠᠷᠭ᠎ᠠ ᠬᠡᠮᠵᠢᠶᠡᠨ ᠳᠥ ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ ᠍ ᠦᠨ ᠳᠠᠷᠤᠭ᠎ᠠ᠂ ᠮᠣᠩ᠋ᠭᠣᠯ ᠤᠯᠤᠰ ᠤᠨ ᠠᠷᠠᠳ ᠤᠨ ᠪᠠᠭᠰᠢ᠂ ᠰᠤᠶᠤᠯ ᠤᠨ ᠭᠠᠪᠢᠶᠠᠲᠤ ᠵᠢᠳᠬᠦᠯᠲᠡᠨ ᠡᠷᠳᠡᠮᠲᠡᠨ ᠵᠣᠬᠢᠶᠠᠯᠴᠢ ᠯᠤ‍᠂ ᠳᠠᠰᠢᠨᠢᠮ᠎ᠠ᠂ ᠮᠣᠩ᠋ᠭᠣᠯ ᠤᠯᠤᠰ ᠤᠨ ᠠᠷᠠᠳ ᠤᠨ ᠪᠠᠭᠰᠢ᠂ ᠬᠡᠯᠡ ᠪᠢᠴᠢᠭ᠌ ᠦᠨ ᠰᠢᠨᠵᠢᠯᠡᠬᠦ ᠤᠬᠠᠭᠠᠨ ᠤ ᠳ᠋ᠣᠺᠲ᠋ᠣᠷ᠂ ᠫᠷᠣᠹᠧᠰᠰᠣᠷ ᠴᠡ᠊᠂ ᠥᠨᠢᠷᠪᠠᠶᠠᠨ᠂ ᠰᠢᠨᠵᠢᠯᠡᠬᠦ ᠤᠬᠠᠭᠠᠨ ᠤ ᠭᠠᠪᠢᠶᠠᠲᠤ ᠵᠢᠳᠬᠦᠯᠲᠡᠨ᠂ ᠳ᠋ᠣᠺᠲ᠋ᠣᠷ᠂ ᠳᠡᠳ᠋ ᠫᠷᠣᠹᠧᠰᠰᠣᠷ ᠸᠴ᠂ ᠰᠠᠮᠪᠤᠳᠣᠷᠵᠢ᠂ ᠮᠣᠩ᠋ᠭᠣᠯ ᠤᠯᠤᠰ ᠤᠨ ᠪᠤᠯᠪᠠᠰᠤᠷᠠᠯ ᠤᠨ ᠶᠡᠬᠡ ᠰᠤᠷᠭᠠᠭᠤᠯᠢ᠍ ᠍ ᠶᠢᠨ ᠪᠠᠭᠰᠢ ᠬᠡᠯᠡ ᠪᠢᠴᠢᠭ᠌ ᠦᠨ ᠤᠬᠠᠭᠠᠨ ᠤ ᠳ᠋ᠣᠺᠲ᠋ᠣᠷ᠂ ᠫᠷᠣᠹᠧᠰᠰᠣᠷ ᠲ᠂ ᠭᠠᠩᠪᠣᠯᠣᠳ᠂ ᠬᠡᠯᠡ ᠪᠢᠴᠢᠭ᠌ ᠦᠨ ᠤᠬᠠᠭᠠᠨ ᠤ ᠳ᠋ᠣᠺᠲ᠋ᠣᠷ ᠭᠥ᠂ ᠴᠡᠴᠡᠭᠳᠠᠷᠢ᠂ ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ ᠍ ᠤᠨ ᠡᠷᠳᠡᠮ ᠰᠢᠨᠵᠢᠯᠭᠡᠨ ᠤ ᠠᠬᠠᠯᠠᠬᠤ ᠠᠵᠢᠯᠲᠠᠨ ᠳᠡ᠊᠂ ᠴᠡᠸᠡᠩᠳᠣᠷᠵᠢ ᠨᠠᠷ ᠣᠷᠣᠯᠴᠠᠯ᠎ᠠ᠃
ᠯᠧᠺᠼ ᠶᠠᠷᠢᠯᠴᠠᠯᠭ᠎ᠠ ᠶᠢ ᠵᠥᠪᠯᠡᠯ ᠦᠨ ᠳᠠᠷᠤᠭ᠎ᠠ ᠯᠤ‍᠂ ᠳᠠᠰᠢᠨᠢᠮ᠎ᠠ ᠨᠡᠭᠡᠭᠡᠵᠦ ᠦᠭᠡ ᠬᠡᠯᠡᠬᠦ ᠶᠢᠨ ᠵᠡᠷᠭᠡᠴᠡᠭᠡ ᠶᠠᠫᠣᠨ ᠣᠶᠤᠲᠠᠨ ᠨᠤᠭᠤᠳ ᠲᠤ ᠮᠣᠩ᠋ᠭᠣᠯ ᠬᠡᠯᠡ ᠵᠢᠭᠠᠵᠤ᠂ ᠲᠡᠳᠡᠨ ᠳᠥ ᠵᠣᠷᠢᠭᠤᠯᠤᠭᠰᠠᠨ ᠮᠣᠩ᠋ᠭᠣᠯ ᠬᠡᠯᠡᠨ ᠦ ᠰᠤᠷᠬᠤ ᠪᠢᠴᠢᠭ᠌ ᠦᠳ ᠢ ᠬᠡᠪᠯᠡᠭᠦᠯᠦᠨ᠂ ᠪᠣᠯᠪᠠᠰᠤᠷᠠᠯ ᠤᠨ ᠰᠠᠯᠪᠤᠷᠢ ᠲᠤ 25 ᠵᠢᠯ ᠲᠠᠰᠤᠷᠠᠯᠲᠠ ᠦᠭᠡᠢ ᠠᠵᠢᠯᠯᠠᠵᠤ ᠪᠤᠢ ᠳ᠋ᠣᠺᠲ᠋ᠣᠷ ᠫᠷᠣᠹᠧᠰᠰᠣᠷ ᠲᠤ‍᠂ ᠺᠥᠷᠡᠪᠢᠲ᠋ᠤ᠊  ᠢᠢ ᠮᠣᠩ᠋ᠭᠣᠯ ᠤᠯᠤᠰ ᠤᠨ ᠵᠠᠰᠠᠭ ᠤᠨ ᠭᠠᠵᠠᠷ ᠤᠨ ᠱᠠᠩᠨᠠᠯ 《ᠪᠣᠯᠪᠠᠰᠤᠷᠠᠯ ᠤᠨ ᠲᠡᠷᠢᠭᠦᠨ ᠦ ᠠᠵᠢᠯᠲᠠᠨ》 ᠬᠦᠨᠳᠦᠳᠥ ᠲᠡᠮᠳᠡᠭ ᠢᠶᠡᠷ ᠱᠠᠩᠨᠠᠭᠳᠠᠭᠰᠠᠨ ᠳᠤ ᠪᠠᠶᠠᠷ ᠬᠦᠷᠭᠡᠵᠦ ᠱᠠᠩᠨᠠᠯ ᠢ ᠨᠢ ᠭᠠᠷᠳᠠᠭᠤᠯᠵᠤ ᠥᠭ᠍ᠭᠦᠯ᠎ᠡ᠃ ᠡᠷᠳᠡᠮᠲᠡᠨ ᠪᠠᠭᠰᠢ ᠲᠤ‍᠂ ᠺᠥᠷᠡᠪᠢᠲ᠋ᠤ᠊ ᠨᠢ ᠬᠡᠯᠡ ᠰᠢᠨᠵᠢᠯᠡᠯ ᠦᠨ ᠰᠤᠳᠤᠯᠭᠠᠨ ᠤ ᠪᠦᠲᠦᠭᠡᠯ ᠢᠶᠡᠨ ᠠᠩᠭ᠍ᠯᠢ᠂ ᠶᠠᠫᠣᠨ ᠬᠡᠯᠡ ᠪᠡᠷ ᠬᠡᠪᠯᠡᠭᠦᠯᠵᠦ᠂ ᠶᠠᠫᠣᠨ ᠤ ᠰᠢᠨ᠎ᠡ ᠵᠠᠯᠠᠭᠤ ᠮᠣᠩ᠋ᠭᠣᠯ ᠰᠤᠳᠤᠯᠤᠭᠠᠴᠢᠳ ᠢ ᠪᠡᠯᠡᠳᠬᠡᠬᠦ ᠳᠥ ᠬᠦᠴᠦᠨ ᠵᠢᠳᠬᠦᠵᠦ ᠪᠤᠢ ᠨᠡᠷ᠎ᠡ ᠲᠡᠢ ᠰᠤᠳᠤᠯᠤᠭᠠᠴᠢ ᠶᠤᠮ᠃
ᠮᠥᠨ ᠱᠢᠠᠲ᠋ᠤᠨᠢ ᠱᠢᠭᠡᠺᠢ ᠨᠢ ᠮᠣᠩ᠋ᠭᠣᠯ ᠬᠡᠯᠡᠨ ᠦ ᠦᠭᠡ ᠵᠦᠢ᠂ ᠦᠭᠡ ᠶᠢᠨ ᠰᠠᠩ᠂ ᠮᠣᠩ᠋ᠭᠣᠯ ᠠᠷᠠᠳ ᠤᠨ ᠠᠮᠠᠨ ᠵᠣᠬᠢᠶᠠᠯ᠂ ᠨᠤᠲᠤᠭ ᠤᠨ ᠠᠶᠠᠯᠭᠤ᠂ ᠮᠣᠩ᠋ᠭᠣᠯ ᠶᠠᠫᠣᠨ ᠬᠡᠯᠡᠨ ᠦ ᠬᠠᠷᠢᠴᠠᠭᠤᠯᠤᠭᠰᠠᠨ ᠰᠤᠳᠤᠯᠭ᠎ᠠ ᠬᠢᠵᠦ ᠮᠣᠩ᠋ᠭᠣᠯ ᠬᠡᠯᠡ ᠶᠢ ᠬᠥᠭ᠍ᠵᠢᠭᠦᠯᠬᠦ ᠳᠥ ᠦᠨᠡᠲᠡᠢ ᠬᠤᠪᠢ ᠨᠡᠮᠡᠷᠢ ᠣᠷᠣᠭᠤᠯᠵᠤ ᠪᠤᠢ ᠶᠠᠫᠣᠨ ᠤ ᠮᠣᠩ᠋ᠭᠣᠯᠴᠢ ᠡᠷᠳᠡᠮᠲᠡᠨ ᠪᠢᠯᠡ᠃

ᠡᠶᠢᠨ ᠬᠦ 57 ᠳ᠋ᠠᠬᠢ ᠤᠳᠠᠭ᠎ᠠ ᠶᠢᠨ 《ᠪᠢᠴᠢᠭ᠌ ᠦᠰᠦᠭ ᠦᠨ ᠣᠯᠠᠨ ᠤᠯᠤᠰ ᠤᠨ ᠡᠳᠦᠷ》 ᠍ ᠢ ᠲᠣᠬᠢᠶᠠᠯᠳᠤᠭᠤᠯᠤᠨ ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ ᠮᠣᠩ᠋ᠭᠣᠯ ᠰᠤᠳᠤᠯᠤᠭᠠᠴᠢ ᠡᠷᠳᠡᠮᠲᠡᠳ ᠦᠨ ᠯᠧᠺᠼᠢ ᠶᠢ ᠠᠮᠵᠢᠯᠲᠠᠲᠠᠢ ᠵᠣᠬᠢᠶᠠᠨ ᠪᠠᠶᠢᠭᠤᠯᠤᠯ᠎ᠠ᠃




ᠪᠢᠴᠢᠭᠰᠡᠨ᠄ ᠬᠡᠯᠡᠨ ᠤ ᠪᠤᠳᠤᠯᠭ᠎ᠠ ᠢᠢᠨ ᠦᠨᠳᠦᠰᠦᠨ ᠦ ᠵᠦᠪᠯᠡᠯ


Бичсэн: ХБҮЗ

ᠪᠤᠰᠤᠳ ᠨᠡᠶᠢᠲᠡᠯᠡᠯ