ᠭᠠᠳᠠᠭᠠᠳᠤ ᠦᠭᠡ᠂ ᠣᠨᠤᠭᠠᠭᠰᠠᠨ ᠨᠡᠷ᠎ᠡ ᠶᠢ ᠻᠢᠷᠢᠯ ᠢᠶᠡᠷ ᠬᠦᠷᠪᠡᠭᠦᠯᠬᠦ ᠠᠰᠠᠭᠤᠳᠠᠯ ᠳᠤ ᠰᠡᠳᠦᠪ ᠲᠦ ᠬᠡᠯᠡᠯᠴᠡᠭᠦᠯᠭᠡ ᠪᠣᠯᠤᠯ᠎ᠠ
ᠤᠯᠠᠭᠠᠨᠪᠠᠭᠠᠲᠤᠷ 2025 ᠣᠨ ᠤ
ᠠᠷᠪᠠᠳ᠋ᠤᠭᠠᠷ ᠰᠠᠷ᠎ᠠ ᠶᠢᠨ 1 (ᠮᠣᠩ᠊ᠴᠠ᠊ᠮᠡ)
ᠭᠠᠳᠠᠭᠠᠳᠤ ᠦᠭᠡ᠂ ᠣᠨᠤᠭᠠᠭᠰᠠᠨ ᠨᠡᠷ᠎ᠡ ᠶᠢ ᠻᠢᠷᠢᠯ ᠢᠶᠡᠷ ᠬᠦᠷᠪᠡᠭᠦᠯᠬᠦ ᠠᠰᠠᠭᠤᠳᠠᠯ ᠳᠤ ᠰᠡᠳᠦᠪ ᠲᠦ ᠬᠡᠯᠡᠯᠴᠡᠭᠦᠯᠭᠡ ᠶᠢ ᠭᠠᠳᠠᠭᠠᠳᠤ ᠬᠠᠷᠢᠯᠴᠠᠭᠠᠨ ᠤ ᠶᠠᠮᠤᠨ ᠤ ᠵᠥᠪᠰᠢᠯᠴᠡᠯ ᠲᠠᠩᠬᠢᠮ ᠳᠤ ᠥᠨᠦᠳᠦᠷ ᠵᠣᠬᠢᠶᠠᠨ ᠪᠠᠶᠢᠭᠤᠯᠤᠯ᠎ᠠ᠃
ᠠᠩᠭᠯᠢ ᠲᠡᠳᠦᠶ ᠦᠭᠡᠢ ᠭᠠᠳᠠᠭᠠᠳᠤ ᠬᠡᠯᠡᠨ ᠡᠴᠡ ᠣᠷᠤᠵᠤ ᠢᠷᠡᠭᠰᠡᠨ ᠭᠠᠳᠠᠭᠠᠳᠤ ᠦᠭᠡ᠂ ᠨᠡᠷ᠎ᠡ ᠲᠣᠮᠢᠶ᠎ᠠ᠂ ᠣᠨᠤᠭᠠᠭᠰᠠᠨ ᠨᠡᠷ᠎ᠡ ᠶᠢ ᠮᠣᠩᠭᠤᠯ ᠬᠡᠯᠡᠨ ᠳᠦ ᠪᠠᠭᠤᠯᠭᠠᠬᠤ ᠲᠣᠭᠲᠠᠭᠰᠠᠨ ᠳᠦᠷᠢᠮ᠂ ᠰᠲ᠋ᠠᠨ᠋ᠳᠠᠷᠲ ᠪᠠᠶᠢᠬᠤ ᠦᠭᠡᠢ ᠡᠴᠡ ᠨᠢᠭᠡ ᠭᠠᠳᠠᠭᠠᠳᠤ ᠦᠭᠡ ᠶᠢ ᠣᠯᠠᠨ ᠶᠠᠩᠵᠤ ᠪᠠᠷ ᠪᠢᠴᠢᠵᠦ ᠪᠠᠶᠢᠨ᠎ᠠ᠃ ᠲᠡᠶᠢᠮᠦ ᠡᠴᠡ ᠡᠨᠡ ᠠᠰᠠᠭᠤᠳᠠᠯ ᠢ ᠳᠠᠷᠤᠶ ᠰᠢᠢᠳᠪᠦᠷᠢᠯᠡᠵᠦ᠂ ᠨᠢᠭᠡᠳᠦᠭᠰᠡᠨ ᠰᠲ᠋ᠠᠨ᠋ᠳᠠᠷᠲ ᠪᠤᠢ ᠪᠣᠯᠭᠤᠬᠤ ᠱᠠᠭᠠᠷᠳᠠᠯᠭ᠎ᠠ ᠲᠠᠢ ᠭᠡᠳᠡᠭ ᠢ ᠬᠡᠯᠡᠯᠴᠡᠭᠦᠯᠭᠡ ᠶᠢᠨ ᠦᠶ᠎ᠡ ᠪᠡᠷ ᠰᠢᠨᠵᠢᠯᠡᠬᠦ ᠤᠬᠠᠭᠠᠨ ᠤ ᠠᠻᠠᠳᠧᠮᠢ ᠤᠨ ᠬᠡᠯᠡ ᠵᠣᠬᠢᠶᠠᠯ ᠤᠨ ᠬᠦᠷᠢᠶᠡᠯᠡᠩ ᠦᠨ ᠬᠡᠷᠡᠭᠯᠡᠭᠡᠨ ᠦ ᠬᠡᠯᠡ ᠰᠢᠨᠵᠢᠯᠡᠯ ᠦᠨ ᠰᠠᠯᠪᠤᠷᠢ ᠶᠢᠨ ᠡᠷᠬᠢᠯᠡᠭᠴᠢ᠂ ᠡᠷᠳᠡᠮ ᠰᠢᠨᠵᠢᠯᠡᠭᠡᠨ ᠦ ᠲᠡᠷᠢᠭᠦᠯᠡᠬᠦ ᠠᠵᠢᠯᠲᠠᠨ᠂ ᠳ᠋ᠣᠻᠲ᠋ᠤᠷ (Ph·D) ᠮᠥᠩᠬᠡᠴᠡᠴᠡᠭ᠌ ᠣᠨᠴᠠᠯᠠᠪᠠ᠃
ᠲᠡᠷᠡᠪᠡᠷ ᠠᠩᠭᠯᠢ ᠦᠭᠡ᠂ ᠣᠨᠤᠭᠠᠭᠰᠠᠨ ᠨᠡᠷ᠎ᠡ ᠶᠢ ᠻᠢᠷᠢᠯ ᠢᠶᠡᠷ ᠬᠦᠷᠪᠡᠭᠦᠯᠬᠦ ᠠᠰᠠᠭᠤᠳᠠᠯ ᠳᠤ ᠰᠡᠳᠦᠪ ᠢᠶᠡᠷ ᠢᠯᠡᠳᠬᠡᠯ ᠲᠠᠯᠪᠢᠭᠰᠠᠨ ᠶᠤᠮ᠃ ᠢᠯᠡᠳᠬᠡᠯ ᠳᠦ ᠪᠡᠨ ᠲᠡᠷᠡᠪᠡᠷ᠂ ᠥᠨᠦᠳᠦᠷ ᠭᠠᠳᠠᠭᠠᠳᠤ ᠦᠭᠡ᠂ ᠨᠡᠷ᠎ᠡ ᠲᠣᠮᠢᠶ᠎ᠠ᠂ ᠣᠨᠤᠭᠠᠭᠰᠠᠨ ᠨᠡᠷ᠎ᠡ ᠶᠢᠨ ᠡᠭᠡᠰᠢᠭ ᠠᠪᠢᠶ᠎ᠠ ᠶᠢ ᠣᠯᠠᠨ ᠬᠤᠪᠢᠯᠪᠤᠷᠢ ᠪᠠᠷ ᠲᠡᠮᠳᠡᠭᠯᠡᠵᠦ ᠪᠠᠶᠢᠨ᠎ᠠ᠃ ᠵᠢᠱᠢᠶ᠎ᠡ ᠨᠢ᠂ ᠵᠧᠨ᠋ᠳᠧᠷ᠂ ᠵᠧᠨᠳᠡᠷ ᠭᠡᠬᠦ ᠮᠡᠲᠦ᠃ ᠭᠠᠳᠠᠭᠠᠳᠤ ᠨᠡᠶᠢᠯᠡᠮᠵᠢ ᠨᠡᠷ᠎ᠡ ᠲᠣᠮᠢᠶ᠎ᠠ ᠶᠢ ᠰᠠᠯᠭᠠᠵᠤ ᠡᠰᠡᠪᠡᠯ ᠨᠡᠶᠢᠯᠡᠭᠦᠯᠵᠦ ᠪᠢᠴᠢᠵᠦ ᠪᠠᠶᠢᠨ᠎ᠠ᠃ ᠵᠢᠱᠢᠶ᠎ᠡ ᠨᠢ᠂ ᠠᠦ᠋ᠲ᠋ᠣ᠋ ᠮᠠᠱᠢᠨ-ᠠᠦ᠋ᠲ᠋ᠣᠮᠠᠱᠢᠨ᠂ ᠪᠢᠣ᠋ ᠲᠧᠭᠨᠣᠯᠤᠭᠢ-ᠪᠢᠣᠲ᠋ᠧᠭᠨᠣᠯᠣᠭᠢ ᠭᠡᠬᠦ ᠮᠡᠲᠦ᠃
ᠲᠤᠯᠭᠠᠮᠳᠠᠵᠤ ᠪᠤᠢ ᠠᠰᠠᠭᠤᠳᠠᠯ ᠭᠡᠪᠡᠯ ᠡᠷᠬᠡ ᠵᠦᠢ ᠶᠢᠨ
ᠵᠣᠬᠢᠴᠠᠭᠤᠯᠤᠯᠲᠠ᠂ ᠨᠢᠭᠡᠳᠦᠭᠰᠡᠨ ᠬᠢᠨᠠᠯᠲᠠ᠂ ᠬᠠᠮᠲᠤ ᠶᠢᠨ ᠠᠵᠢᠯᠯᠠᠭ᠎ᠠ᠂ ᠬᠤᠪᠢᠯᠪᠤᠷᠢ ᠪᠢᠴᠢᠯᠭᠡ᠂
ᠭᠠᠳᠠᠭᠠᠳᠤ ᠦᠭᠡ ᠶᠢᠨ ᠰᠠᠨ᠂ ᠦᠯᠦ ᠣᠶᠢᠯᠠᠭᠠᠯᠴᠠᠯ᠂ ᠤᠬᠠᠭᠳᠠᠬᠤᠨ ᠤ ᠵᠥᠷᠢᠭᠦᠦ᠂ ᠦᠭᠡ ᠶᠢᠨ ᠵᠠᠮᠪᠠᠷᠠᠭ᠎ᠠ ᠦᠭᠡᠢ ᠬᠡᠷᠡᠭᠯᠡᠭᠡᠨ ᠡᠴᠡ ᠰᠢᠯᠲᠠᠭᠠᠯᠠᠵᠤ ᠪᠠᠶᠢᠨ᠎ᠠ᠃ ᠠᠰᠠᠭᠤᠳᠠᠯ ᠢ ᠰᠶᠢᠳᠬᠦ ᠳᠦ ᠪᠡᠨ ᠮᠣᠩᠭᠤᠯ ᠬᠡᠯᠡᠨ ᠦ ᠦᠭᠡ ᠶᠢᠨ ᠰᠠᠩ ᠳᠤ ᠣᠷᠤᠵᠤ ᠢᠷᠡᠭᠰᠡᠨ ᠭᠠᠳᠠᠭᠠᠳᠤ ᠦᠭᠡ ᠶᠢ ᠲᠡᠭᠦᠪᠦᠷᠢᠯᠡᠨ ᠰᠠᠨ ᠪᠦᠷᠢᠳᠦᠭᠦᠯᠬᠦ᠂ ᠰᠠᠩ ᠳᠤ ᠲᠤᠯᠭᠠᠭᠤᠷᠢᠯᠠᠨ ᠭᠠᠳᠠᠭᠠᠳᠤ ᠦᠭᠡ ᠶᠢᠨ ᠬᠡᠷᠡᠭᠯᠡᠭᠡ᠂ ᠬᠤᠪᠢᠯᠪᠤᠷᠢ ᠪᠢᠴᠢᠯᠭᠡ᠂ ᠲᠤᠬᠠᠶ ᠶᠢᠨ ᠦᠭᠡ ᠶᠢᠨ ᠭᠠᠷᠤᠯ᠂ ᠠᠪᠢᠶ᠎ᠠ ᠵᠦᠢ ᠶᠢᠨ ᠲᠠᠯ᠎ᠠ ᠪᠠᠷ ᠰᠤᠳᠤᠯᠬᠤ ᠡᠴᠡ ᠭᠠᠳᠠᠨ᠎ᠠ ᠭᠠᠳᠠᠨ᠎ᠠ ᠶᠢᠨ ᠰᠠᠶᠢᠨ ᠲᠤᠷᠰᠢᠯᠭ᠎ᠠ ᠠᠴᠠ ᠰᠤᠷᠤᠯᠴᠠᠬᠤ᠂ ᠠᠰᠠᠭᠤᠳᠠᠯ ᠢ ᠬᠡᠷᠬᠢᠨ ᠰᠶᠢᠳᠬᠦ ᠲᠠᠯ᠎ᠠ ᠪᠠᠷ ᠬᠠᠮᠲᠤᠷᠠᠨ ᠠᠵᠢᠯᠯᠠᠵᠤ᠂ ᠰᠤᠷᠭᠠᠯᠲᠠ᠂ ᠬᠡᠯᠡᠯᠴᠡᠭᠦᠯᠭᠡ ᠵᠣᠬᠢᠶᠠᠨ ᠪᠠᠶᠢᠭᠤᠯᠵᠤ᠂ ᠰᠶᠢᠳᠦᠯ ᠣᠯᠬᠤ᠂ ᠮᠣᠩᠭᠤᠯ ᠬᠡᠯᠡᠨ ᠦ ᠠᠪᠢᠶ᠎ᠠ ᠵᠦᠢ ᠶᠢᠨ ᠣᠨᠴᠠᠯᠢᠭ ᠲᠤ ᠲᠣᠬᠢᠷᠠᠭᠰᠠᠨ ᠲᠣᠭᠲᠠᠯᠴᠠᠭ᠎ᠠ ᠲᠠᠢ ᠳᠦᠷᠢᠮ ᠪᠣᠯᠪᠠᠰᠤᠷᠠᠭᠤᠯᠬᠤ ᠱᠠᠭᠠᠷᠳᠠᠯᠭ᠎ᠠ ᠲᠠᠢ ᠪᠠᠶᠢᠨ᠎ᠠ》 ᠭᠡᠳᠡᠭ ᠢ ᠲᠣᠳᠤᠳᠬᠠᠪᠠ᠃
ᠮᠥᠨ ᠠᠩᠭᠯᠢ ᠬᠡᠯᠡᠨ ᠡᠴᠡ ᠣᠷᠤᠵᠤ ᠪᠤᠢ ᠦᠭᠡ᠂ ᠣᠨᠤᠭᠠᠭᠰᠠᠨ ᠨᠡᠷ᠎ᠡ ᠶᠢ ᠻᠢᠷᠢᠯ ᠢᠶᠡᠷ ᠵᠥᠪ ᠬᠦᠷᠪᠡᠭᠦᠯᠬᠦ ᠠᠰᠠᠭᠤᠳᠠᠯ ᠪᠣᠯ ᠬᠡᠯᠡᠨ ᠦ ᠪᠣᠳᠤᠯᠭ᠎ᠠ ᠶᠢᠨ ᠨᠢᠭᠡ ᠴᠢᠬᠤᠯᠠ ᠬᠡᠰᠡᠭ ᠶᠤᠮ᠃ ᠡᠨᠡ ᠨᠢ ᠵᠥᠪᠬᠡᠨ ᠬᠡᠯᠡ ᠰᠢᠨᠵᠢᠯᠡᠯ ᠦᠨ ᠠᠰᠠᠭᠤᠳᠠᠯ ᠪᠢᠰᠢ᠂ ᠨᠡᠶᠢᠭᠡᠮ ᠦᠨ ᠪᠣᠯᠤᠨ ᠣᠯᠠᠨ ᠤᠯᠤᠰ ᠤᠨ ᠬᠠᠷᠢᠯᠴᠠᠭ᠎ᠠ᠂ ᠮᠡᠳᠡᠯᠭᠡ ᠳᠠᠮᠵᠢᠭᠤᠯᠬᠤ᠂ ᠪᠣᠯᠪᠠᠰᠤᠷᠠᠯ᠂ ᠬᠡᠪᠯᠡᠯ ᠮᠡᠳᠡᠭᠡᠯᠡᠯ ᠦᠨ ᠨᠢᠭᠡᠳᠦᠭᠰᠡᠨ ᠪᠠᠶᠢᠳᠠᠯ᠂ ᠬᠢᠮᠡᠯ ᠣᠶᠤᠨ ᠤ ᠬᠥᠭᠵᠢᠯ ᠲᠡᠢ ᠴᠦ ᠬᠣᠯᠪᠤᠭ᠎ᠠ ᠲᠠᠢ᠃
ᠮᠣᠩᠭᠤᠯ ᠬᠡᠯᠡᠨ ᠳᠦ ᠬᠡᠷᠡᠭᠯᠡᠵᠦ ᠪᠤᠢ ᠭᠠᠳᠠᠭᠠᠳᠤ ᠦᠭᠡ ᠶᠢᠨ ᠰᠠᠨ ᠡᠭᠦᠰᠬᠡᠨ ᠨᠡᠷ᠎ᠡ ᠲᠣᠮᠢᠶ᠎ᠠ ᠰᠤᠳᠤᠯᠤᠯ᠂ ᠬᠡᠯᠡ ᠰᠢᠨᠵᠢᠯᠡᠯ ᠦᠨ ᠡᠭᠦᠳᠡᠨ ᠡᠴᠡ ᠰᠤᠳᠤᠯᠵᠤ᠂ ᠨᠡᠶᠢᠲᠡᠯᠢᠭ ᠠᠯᠳᠠᠭ᠎ᠠ ᠳᠤᠲᠠᠭᠳᠠᠯ ᠢ ᠣᠯᠵᠤ ᠢᠯᠡᠷᠡᠭᠦᠯᠦᠨ᠂ ᠲᠡᠳᠡᠭᠡᠷ ᠢ ᠵᠥᠪ ᠪᠢᠴᠢᠬᠦ ᠵᠢᠷᠤᠮᠯᠠᠭᠰᠠᠨ
ᠲᠣᠯᠢ ᠪᠢᠴᠢᠭ ᠵᠣᠬᠢᠶᠠᠵᠤ ᠣᠯᠠᠨ ᠨᠡᠶᠢᠲᠡ ᠳᠦ ᠬᠦᠷᠭᠡᠭᠰᠡᠨ ᠢᠶᠡᠷ ᠲᠤᠬᠠᠶ ᠶᠢᠨ ᠦᠭᠡ ᠪᠡᠷ ᠢᠯᠡᠷᠬᠡᠶᠢᠯᠡᠵᠦ ᠪᠤᠢ ᠤᠬᠠᠭᠳᠠᠬᠤᠨ ᠢ ᠣᠯᠠᠨ ᠬᠤᠪᠢᠯᠪᠤᠷᠢ ᠦᠭᠡᠢ᠂ ᠦᠨᠡᠨ ᠵᠥᠪ᠂ ᠨᠢᠭᠡᠳᠦᠭᠰᠡᠨ ᠣᠶᠢᠯᠠᠭᠠᠯᠲᠠ ᠪᠠᠷ ᠬᠦᠯᠢᠶᠡᠵᠦ ᠠᠪᠬᠤ᠂ ᠤᠯᠠᠮ ᠢᠶᠠᠷ ᠭᠠᠳᠠᠭᠠᠳᠤ ᠬᠠᠷᠢᠯᠴᠠᠭᠠᠨ ᠳᠤ ᠦᠯᠦ ᠣᠶᠢᠯᠠᠭᠠᠯᠴᠠᠯ᠂ ᠲᠡᠭᠦᠨ ᠡᠴᠡ ᠡᠭᠦᠳᠦᠭᠰᠡᠨ ᠬᠣᠣᠷ᠎ᠠ ᠬᠣᠬᠢᠷᠠᠯ᠂ ᠡᠷᠦᠰᠳᠡᠯ ᠤᠴᠠᠷᠠᠬᠤ ᠡᠴᠡ ᠤᠷᠢᠳᠴᠢᠯᠠᠨ ᠰᠡᠷᠭᠡᠶᠢᠯᠡᠬᠦ
ᠠᠴᠢ ᠬᠣᠯᠪᠤᠭᠳᠠᠯ ᠲᠠᠢ ᠭᠡᠳᠡᠭ ᠢ ᠤᠴᠢᠷᠯᠠᠵᠤ ᠪᠠᠶᠢᠪᠠ᠃
ᠶᠡᠷᠦᠩᠬᠡᠶᠢᠯᠡᠭᠴᠢ ᠶᠢᠨ ᠳᠡᠷᠭᠡᠳᠡᠬᠢ ᠬᠡᠯᠡᠨ ᠦ ᠪᠣᠳᠤᠯᠭ᠎ᠠ ᠶᠢᠨ ᠦᠨᠳᠦᠰᠦᠨ ᠦ ᠵᠥᠪᠯᠡᠯ ᠦᠨ ᠭᠡᠰᠢᠭᠦᠨ᠂ ᠮᠣᠩᠭᠤᠯ ᠤᠯᠤᠰ ᠤᠨ ᠠᠷᠠᠳ ᠤᠨ ᠪᠠᠭᠰᠢ᠂ ᠳ᠋ᠣᠻᠲ᠋ᠤᠷ᠂ ᠫᠷᠣᠹᠧᠰᠰᠤᠷ ᠴᠡ᠊᠂ ᠥᠨᠢᠷᠪᠠᠶᠠᠨ ᠬᠡᠯᠡᠬᠦ ᠳᠦ ᠪᠡᠨ᠂ 《ᠻᠢᠷᠢᠯ ᠪᠢᠴᠢᠭ ᠢ ᠪᠢᠳᠡ 1941-1946 ᠣᠨ ᠳᠤ ᠠᠯᠪᠠᠨ ᠶᠣᠰᠤ ᠪᠠᠷ ᠠᠪᠴᠤ ᠬᠡᠷᠡᠭᠯᠡᠭᠰᠡᠨ᠃ ᠡᠭᠦᠨ ᠡᠴᠡ ᠬᠣᠶᠢᠰᠢ ᠮᠣᠩᠭᠤᠯᠴᠤᠳ ᠤᠨ ᠣᠶᠤᠨ ᠤ ᠰᠣᠶᠤᠯ ᠤᠨ ᠪᠢᠴᠢᠭ ᠦᠨ ᠬᠡᠷᠡᠭᠯᠡᠭᠡ ᠶᠢ ᠬᠠᠩᠭᠠᠵᠤ ᠪᠠᠶᠢᠨ᠎ᠠ᠃
ᠮᠣᠩᠭᠤᠯ ᠬᠡᠯᠡᠨ ᠦ ᠲᠤᠬᠠᠶ ᠬᠠᠤᠯᠢ ᠳᠤ ᠵᠢᠭᠠᠭᠰᠠᠨ ᠤ ᠳᠠᠭᠠᠭᠤ ᠻᠢᠷᠢᠯ ᠪᠢᠴᠢᠭ ᠢᠶᠡᠷ ᠵᠥᠪ ᠪᠢᠴᠢᠬᠦ ᠳᠦᠷᠢᠮ ᠦᠨ ᠵᠢᠷᠤᠮᠯᠠᠭᠰᠠᠨ ᠲᠣᠯᠢ ᠶᠢ ᠭᠠᠷᠭᠠᠭᠰᠠᠨ᠃ ᠭᠡᠬᠦ ᠳᠦ ᠪᠡᠨ ᠪᠦᠬᠦ ᠦᠭᠡ ᠶᠢ ᠵᠢᠷᠤᠮᠯᠠᠵᠤ ᠴᠢᠳᠠᠭ᠎ᠠ ᠦᠭᠡᠢ᠃ ᠥᠨᠦᠳᠦᠷ ᠭᠠᠳᠠᠭᠠᠳᠤ ᠦᠭᠡ ᠶᠢ ᠳᠤᠷ᠎ᠠ ᠪᠠᠷ ᠢᠶᠠᠨ᠂ ᠣᠯᠠᠨ ᠶᠠᠩᠵᠤ ᠪᠠᠷ᠂ ᠰᠣᠨᠤᠰᠤᠭᠰᠠᠨ ᠢᠶᠠᠷ ᠢᠶᠠᠨ ᠪᠢᠴᠢᠵᠦ ᠪᠠᠶᠢᠨ᠎ᠠ᠃ ᠮᠣᠩᠭᠤᠯᠴᠤᠳ ᠭᠠᠳᠠᠭᠠᠳᠤ ᠦᠭᠡ ᠶᠢ ᠲᠤᠬᠠᠶ ᠶᠢᠨ ᠬᠡᠯᠡᠨ ᠦ ᠳᠠᠭᠤᠳᠠᠯᠭ᠎ᠠ ᠶᠢ ᠨᠢ ᠪᠠᠷᠢᠮᠲᠠᠯᠠᠬᠤ ᠲᠣᠬᠢᠶᠠᠯᠳᠤᠯ ᠭᠠᠷᠴᠤ ᠪᠠᠶᠢᠨ᠎ᠠ᠃ ᠮᠥᠨ ᠮᠣᠩᠭᠤᠯᠵᠢᠭᠤᠯᠤᠭᠰᠠᠨ ᠳᠠᠭᠤᠳᠠᠯᠭ᠎ᠠ ᠶᠢ ᠨᠢ ᠪᠠᠷᠢᠬᠤ ᠨᠢ ᠪᠠᠶᠢᠨ᠎ᠠ᠃ ᠪᠦᠷᠢ ᠪᠣᠯᠬᠤ ᠦᠭᠡᠢ ᠪᠣᠯ ᠣᠷᠴᠢᠭᠤᠯᠵᠤ ᠠᠪᠤᠳᠠᠭ᠃ ᠣᠷᠴᠢᠭᠤᠯᠤᠨᠠ ᠭᠡᠳᠡᠭ ᠨᠢ ᠮᠣᠩᠭᠤᠯ ᠬᠡᠯᠡᠨ ᠦ ᠳᠠᠷᠬᠠᠯᠠᠭᠠᠨ ᠳᠤ ᠮᠠᠰᠢ ᠴᠢᠬᠤᠯᠠ ᠨᠥᠯᠦᠭᠡ ᠲᠡᠢ ᠵᠦᠢᠯ ᠶᠤᠮ᠃ ᠲᠡᠶᠢᠮᠦ ᠤᠴᠢᠷ ᠠᠴᠠ ᠭᠠᠳᠠᠭᠠᠳᠤ ᠦᠭᠡ ᠶᠢ ᠣᠨᠤᠪᠴᠢ ᠲᠠᠢ ᠣᠷᠴᠢᠭᠤᠯᠬᠤ ᠱᠠᠭᠠᠷᠳᠠᠯᠭ᠎ᠠ ᠲᠠᠢ 》ᠬᠡᠮᠡᠪᠡ᠃
《ᠡᠨᠡᠬᠦ ᠬᠡᠯᠡᠯᠴᠡᠭᠦᠯᠭᠡ ᠡᠴᠡ ᠭᠠᠷᠬᠤ ᠦᠷ᠎ᠡ ᠳ᠋ᠦᠩ ᠶᠢᠡᠷ ᠵᠥᠪᠯᠡᠮᠵᠢ ᠭᠠᠷᠭᠠᠬᠤ ᠠᠵᠢᠯ ᠤᠨ ᠬᠡᠰᠡᠭ ᠢ ᠶᠠᠭᠠᠷᠠᠯ ᠲᠠᠢ ᠪᠠᠶᠢᠭᠤᠯᠵᠤ᠂ ᠪᠦᠬᠦ ᠬᠡᠯᠡᠨ ᠡᠴᠡ ᠣᠷᠤᠵᠤ ᠢᠷᠡᠵᠦ ᠪᠠᠶᠢᠭ᠎ᠠ ᠦᠭᠡ ᠶᠢ ᠬᠡᠷᠬᠢᠨ ᠭᠠᠯᠢᠭᠯᠠᠬᠤ ᠠᠰᠠᠭᠤᠳᠠᠯ ᠢ ᠰᠶᠢᠳᠬᠦ ᠪᠣᠯᠤᠮᠵᠢ ᠪᠦᠷᠢᠳᠦᠨ᠎ᠡ》 ᠭᠡᠳᠡᠭ ᠢ ᠬᠡᠯᠡᠨ ᠦ ᠪᠣᠳᠤᠯᠭ᠎ᠠ ᠶᠢᠨ ᠦᠨᠳᠦᠰᠦᠨ ᠦ ᠵᠥᠪᠯᠡᠯ ᠦᠨ ᠠᠵᠢᠯ ᠤᠨ ᠠᠯᠪᠠᠨ ᠤ ᠳᠠᠷᠤᠭ᠎ᠠ᠂ ᠳ᠋ᠣᠻᠲ᠋ᠤᠷ ᠨᠢ᠊ ᠂ ᠨᠠᠷᠠᠨᠭᠡᠷᠡᠯ ᠣᠨᠴᠠᠯᠠᠭᠰᠠᠨ ᠶᠤᠮ᠃
ᠲᠡᠷᠡᠪᠡᠷ᠂ ᠬᠡᠯᠡᠨ ᠦ ᠪᠣᠳᠤᠯᠭ᠎ᠠ ᠶᠢᠨ ᠦᠨᠳᠦᠰᠦᠨ ᠦ ᠵᠥᠪᠯᠡᠯ 2018 ᠣᠨ ᠳᠤ ᠮᠣᠩᠭᠤᠯ ᠬᠡᠯᠡᠨ ᠦ ᠵᠥᠪ ᠪᠢᠴᠢᠬᠦ ᠳᠦᠷᠢᠮ ᠦᠨ ᠵᠢᠷᠤᠮᠯᠠᠭᠰᠠᠨ ᠲᠣᠯᠢ ᠶᠢ ᠭᠠᠷᠭᠠᠭᠰᠠᠨ᠃ ᠡᠨᠡᠬᠦ ᠲᠣᠯᠢ ᠪᠢᠴᠢᠭ ᠲᠦ ᠮᠠᠨ ᠤ ᠤᠯᠤᠰ ᠲᠠᠢ 2018 ᠣᠨ ᠢ ᠬᠦᠷᠲᠡᠯ᠎ᠡ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠣᠷᠤᠨ ᠤᠳ᠂ ᠨᠡᠶᠢᠰᠯᠡᠯ ᠦᠨ ᠨᠡᠷ᠎ᠡ ᠶᠢ ᠵᠢᠷᠤᠮᠯᠠᠭᠰᠠᠨ᠃ ᠣᠳᠤ ᠦᠯᠡᠳᠡᠭᠰᠡᠨ ᠪᠦᠬᠦ ᠤᠯᠤᠰ ᠣᠷᠤᠨ ᠤ ᠨᠡᠷ᠎ᠡ ᠶᠢ ᠭᠠᠯᠢᠭᠯᠠᠵᠤ ᠰᠢᠨ᠎ᠡ ᠪᠡᠷ ᠣᠷᠤᠭᠤᠯᠬᠤ ᠪᠠᠷ ᠭᠠᠳᠠᠭᠠᠳᠤ ᠬᠠᠷᠢᠯᠴᠠᠭᠠᠨ ᠤ ᠶᠠᠮᠤ ᠲᠠᠢ
ᠬᠠᠮᠲᠤᠷᠠᠨ ᠠᠵᠢᠯᠯᠠᠵᠤ ᠪᠠᠶᠢᠨ᠎ᠠ᠃
ᠮᠥᠨ 6000 ᠣᠷᠴᠢᠮ ᠭᠠᠳᠠᠭᠠᠳᠤ ᠦᠭᠡ ᠶᠢ ᠬᠡᠯᠡᠯᠴᠡᠭᠦᠯᠵᠦ 1000 ᠣᠷᠴᠢᠮ ᠦᠭᠡ ᠶᠢ ᠵᠢᠷᠤᠮᠯᠠᠭᠰᠠᠨ ᠲᠣᠯᠢ ᠶᠢᠨ ᠠᠷᠠᠳ ᠬᠤᠪᠢᠯᠠᠯ ᠲᠠᠢ ᠨᠢ ᠬᠠᠪᠰᠤᠷᠭᠠᠭᠰᠠᠨ᠃ ᠲᠤᠬᠠᠶᠢᠯᠠᠪᠠᠯ ᠥᠷᠭᠡᠨ ᠬᠡᠷᠡᠭᠯᠡᠭᠳᠡᠳᠡᠭ 《ᠻᠣᠮᠫᠢᠶᠦ᠋ᠲ᠋ᠸᠷ》 ᠭᠡᠳᠡᠭ ᠦᠭᠡ ᠶᠢ ᠬᠤᠪᠢᠷᠠᠭᠠᠬᠤ ᠳᠤ ᠪᠠᠨ ᠻᠣᠮᠫᠢᠶᠦ᠋ᠲ᠋ᠸᠷ ᠢ᠂ ᠻᠣᠮᠫᠢᠶᠦ᠋ᠲ᠋ᠸᠷ ᠠᠴᠠ᠂ ᠻᠣᠮᠫᠢᠶᠦ᠋ᠲ᠋ᠸᠷ ᠢᠶᠠᠷ ᠭᠡᠬᠦ ᠮᠡᠲᠦ ᠪᠡᠷ ᠪᠢᠴᠢᠬᠦ ᠪᠡᠷ ᠵᠢᠷᠤᠮᠯᠠᠭᠰᠠᠨ 》ᠭᠡᠳᠡᠭ ᠢ ᠲᠣᠳᠤᠳᠬᠠᠵᠤ ᠪᠠᠶᠢᠯ᠎ᠠ᠃
ᠤᠭ ᠬᠡᠯᠡᠯᠴᠡᠭᠦᠯᠭᠡ ᠶᠢ ᠭᠠᠳᠠᠭᠠᠳᠤ ᠬᠠᠷᠢᠯᠴᠠᠭᠠᠨ ᠤ ᠶᠠᠮᠤ᠂ ᠬᠡᠯᠡᠨ ᠦ ᠪᠣᠳᠤᠯᠭ᠎ᠠ ᠶᠢᠨ ᠦᠨᠳᠦᠰᠦᠨ ᠦ ᠵᠥᠪᠯᠡᠯ᠂ ᠦᠨᠳᠦᠰᠦᠨ ᠦ ᠮᠡᠳᠡᠭᠡᠯᠡᠯ ᠦᠨ ᠮᠣᠩ᠊ᠴᠠ᠊ᠮᠡ
ᠠᠭᠧᠨ᠋ᠲ᠋ᠯᠢᠭ᠂ ᠰᠢᠨᠵᠢᠯᠡᠬᠦ ᠤᠬᠠᠭᠠᠨ ᠤ ᠠᠻᠠᠳᠧᠮᠢ ᠤᠨ ᠬᠡᠯᠡ ᠵᠣᠬᠢᠶᠠᠯ ᠤᠨ ᠬᠦᠷᠢᠶᠡᠯᠡᠩ᠂ ᠮᠣᠩ᠋ᠭᠤᠯ ᠤᠯᠤᠰ ᠤᠨ ᠶᠡᠬᠡ ᠰᠤᠷᠭᠠᠭᠤᠯᠢ᠂ ᠰᠢᠨᠵᠢᠯᠡᠬᠦ ᠤᠬᠠᠭᠠᠨ᠂ ᠲᠧᠭᠨᠣᠯᠣᠭᠢ ᠶᠢᠨ ᠶᠡᠬᠡ ᠰᠤᠷᠭᠠᠭᠤᠯᠢ᠂ ᠮᠣᠩᠭᠤᠯ ᠤᠨ ᠦᠨᠳᠦᠰᠦᠨ ᠦ ᠣᠯᠠᠨ ᠨᠡᠶᠢᠲᠡ ᠶᠢᠨ ᠷᠠᠳᠢᠣ᠋ ᠲᠧᠯᠧᠸᠢᠽ᠂ ᠣᠷᠴᠢᠭᠤᠯᠤᠭᠴᠢ᠂ ᠬᠡᠯᠡᠮᠦᠷᠴᠢ ᠶᠢᠨ ᠮᠡᠷᠭᠡᠰᠢᠯ ᠦᠨ ᠦᠨᠡᠯᠡᠭᠡᠨ ᠦ ᠲᠥᠪ ᠬᠠᠮᠲᠤᠷᠠᠨ ᠵᠣᠬᠢᠶᠠᠨ ᠪᠠᠶᠢᠭᠤᠯᠤᠭᠰᠠᠨ ᠶᠤᠮ᠃ ᠬᠡᠯᠡᠯᠴᠡᠭᠦᠯᠭᠡ ᠳᠦ ᠬᠡᠯᠡᠨ ᠦ ᠪᠣᠳᠤᠯᠭ᠎ᠠ ᠶᠢᠨ ᠦᠨᠳᠦᠰᠦᠨ ᠦ ᠵᠥᠪᠯᠡᠯ᠂ ᠬᠡᠷᠡᠭᠯᠡᠭᠡᠨ ᠦ ᠪᠣᠯᠤᠨ ᠰᠤᠷᠭᠠᠯᠲᠠ ᠰᠤᠳᠤᠯᠭᠠᠨ ᠤ ᠪᠠᠶᠢᠭᠤᠯᠤᠯᠭ᠎ᠠ ᠶᠢᠨ ᠡᠷᠳᠡᠮᠲᠡᠨ᠂ ᠪᠠᠭᠰᠢ ᠨᠠᠷ ᠣᠷᠤᠯᠴᠠᠭᠰᠠᠨ ᠶᠤᠮ᠃
ᠪᠢᠴᠢᠭᠰᠡᠨ᠄ ᠬᠡᠯᠡᠨ ᠤ ᠪᠤᠳᠤᠯᠭ᠎ᠠ ᠢᠢᠨ ᠦᠨᠳᠦᠰᠦᠨ ᠦ ᠵᠦᠪᠯᠡᠯ
ᠪᠤᠰᠤᠳ ᠨᠡᠶᠢᠲᠡᠯᠡᠯ