ᠪᠡᠯᠡᠥᠡᠬᠡᠯ ᠠᠵᠢᠯ ᠢ ᠬᠠᠩᠭᠠᠨ ᠠᠵᠢᠯᠯᠠᠵᠤ ᠪᠠᠢᠢᠨ᠎ᠠ᠃
᠒᠐᠒᠑ ᠣᠨ ᠤ ᠑᠔᠔ ᠳᠤᠭᠡᠷ ᠵᠠᠬᠢᠷᠤᠮᠵᠢ ᠪᠠᠷ ᠮᠣᠩᠭᠣᠯ ᠬᠡᠯᠡᠨ ᠦ ᠲᠤᠬᠠᠢ ᠬᠠᠤᠯᠢ ᠶᠢᠨ ᠬᠡᠷᠡᠭᠵᠢᠯᠲᠡ ᠶᠢ ᠨᠢᠭᠡᠳᠦᠭᠰᠡᠨ ᠵᠣᠬᠢᠴᠠᠭᠤᠯᠤᠯᠲᠠ ᠪᠠᠷ ᠬᠠᠩᠭᠠᠬᠤ ᠡᠭᠦᠷᠭᠡ ᠪᠦᠬᠦᠢ ᠒᠐ ᠭᠠᠷᠤᠢ ᠪᠠᠶᠢᠭᠤᠯᠤᠯᠭ᠎ᠠ ᠶᠢᠨ ᠲᠥᠯᠥᠭᠡᠯᠡᠯ ᠡᠴᠡ ᠪᠦᠷᠢᠳᠦᠭᠰᠡᠨ ᠠᠵᠢᠯ ᠤᠨ ᠬᠡᠰᠡᠭ 《ᠮᠣᠩᠭᠣᠯ ᠪᠢᠴᠢᠭ ᠦᠨ ᠦᠨᠳᠦᠰᠦᠨ ᠦ ᠬᠥᠲᠥᠯᠪᠦᠷᠢ》 ᠢᠢᠨ ᠬᠡᠷᠡᠭᠵᠢᠯᠲᠡ ᠶᠢ ᠬᠠᠩᠭᠠᠨ ᠠᠵᠢᠯᠯᠠᠵᠤ ᠪᠠᠶᠢᠨ᠎ᠠ᠃
᠒᠐᠒᠕ ᠣᠨ ᠠᠴᠠ ᠲᠥᠷᠥ ᠶᠢᠨ ᠪᠣᠯᠤᠨ ᠨᠤᠲᠤᠭ ᠤᠨ ᠥᠪᠡᠷ ᠢᠶᠡᠨ ᠤᠳᠤᠷᠢᠳᠬᠤ ᠪᠠᠶᠢᠭᠤᠯᠤᠯᠭ᠎ᠠ ᠠᠯᠪᠠᠨ ᠬᠡᠷᠡᠭ ᠢᠶᠡᠨ ᠺᠢᠷᠢᠯ ᠪᠣᠯᠤᠨ ᠦᠨᠳᠦᠰᠦᠨ ᠦ ᠬᠣᠣᠰ ᠪᠢᠴᠢᠭ ᠢᠶᠡᠷ ᠬᠥᠲᠥᠯᠦᠨ ᠶᠠᠪᠤᠭᠤᠯᠬᠤ ᠪᠡᠯᠡᠳᠬᠡᠯ ᠠᠵᠢᠯ ᠤᠨ ᠬᠦᠷᠢᠶᠡᠨ ᠳᠦ ᠰᠲ᠋ᠠᠨᠳᠠᠷᠲ᠂ ᠬᠡᠮᠵᠢᠯ ᠵᠦᠢ ᠶᠢᠨ ᠭᠠᠵᠠᠷ ᠤᠨ ᠳᠠᠷᠤᠭ᠎ᠠ ᠶᠢᠨ ᠒᠐᠒᠒ ᠣᠨ ᠤ C/᠑᠓ ᠳ᠋ᠤᠭᠠᠷ ᠲᠤᠰᠢᠶᠠᠯ ᠢᠶᠠᠷ ᠮᠣᠩᠭᠣᠯ ᠪᠢᠴᠢᠭ ᠢᠶᠡᠷ ᠦᠢᠯᠡᠳᠬᠦ ᠪᠠᠷᠢᠮᠲᠠ ᠪᠢᠴᠢᠭ ᠦᠨ ᠬᠡᠪᠯᠡᠮᠡᠯ ᠬᠠᠭᠤᠳᠠᠰᠤ᠂ ᠲᠡᠭᠦᠨ ᠦ ᠪᠦᠷᠢᠳᠦᠯ ᠳᠦ ᠲᠠᠯᠪᠢᠬᠤ ᠦᠨᠳᠦᠰᠦᠨ ᠱᠠᠭᠠᠷᠳᠠᠯᠭ᠎ᠠ MNS᠄6395᠄2022 ᠰᠲ᠋ᠠᠨᠳᠠᠷᠲ ᠢ ᠪᠠᠲᠤᠯᠠᠭᠰᠠᠨ᠃
ᠤᠭ ᠰᠲ᠋ᠠᠨᠳᠠᠷᠲ ᠢ ᠲᠥᠷᠥ ᠶᠢᠨ ᠠᠯᠪᠠᠨ ᠳᠤ ᠲᠤᠷᠰᠢᠬᠤ ᠒᠐᠐᠐᠐᠐ ᠭᠠᠷᠤᠢ ᠲᠥᠷᠥ ᠶᠢᠨ ᠠᠯᠪᠠᠨ ᠬᠠᠭᠠᠭᠴᠢᠳ ᠲᠤ ᠦᠨᠳᠦᠰᠦᠨ ᠦ ᠪᠢᠴᠢᠭ ᠦᠨ ᠠᠩᠬᠠᠨ᠂ ᠳᠤᠮᠳᠠ᠂ ᠠᠬᠢᠭᠰᠠᠨ ᠱᠠᠲᠤᠨ ᠤ ᠰᠤᠷᠭᠠᠯᠲᠠ ᠶᠢ ᠦᠶ᠎ᠡ ᠱᠠᠲᠤ ᠲᠠᠢ ᠬᠡᠷᠬᠢᠨ ᠶᠠᠪᠤᠭᠤᠯᠬᠤ ᠲᠥᠯᠥᠪᠯᠡᠭᠡ ᠶᠢ ᠬᠡᠷᠡᠭᠵᠢᠭᠦᠯᠬᠦ ᠲᠠᠯ᠎ᠠ ᠪᠠᠷ ᠲᠥᠷᠥ ᠶᠢᠨ ᠠᠯᠪᠠᠨ ᠤ ᠵᠥᠪᠯᠡᠯ ᠦᠨ ᠠᠵᠢᠯ ᠤᠨ ᠠᠯᠪᠠᠨ ᠤ ᠳᠠᠷᠤᠭ᠎ᠠ ᠭ ∙ ᠪᠢᠯᠢᠭᠦᠨ᠂ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠳᠡᠷᠭᠡᠳᠡᠬᠢ ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ ᠦᠨ ᠠᠵᠢᠯ ᠤᠨ ᠠᠯᠪᠠᠨ ᠤ ᠳᠠᠷᠤᠭ᠎ᠠ ᠨᠢ᠊ ∙ ᠨᠠᠷᠠᠨᠭᠡᠷᠡᠯ ᠨᠠᠷ ᠬᠠᠷᠢᠯᠴᠠᠨ ᠰᠠᠨᠠᠯ ᠰᠣᠯᠢᠯᠴᠠᠯ᠎ᠠ᠃
ᠮᠣᠩᠭᠣᠯ ᠪᠢᠴᠢᠭ ᠢᠶᠡᠷ ᠦᠢᠯᠡᠳᠬᠦ ᠪᠠᠷᠢᠮᠲᠠ ᠪᠢᠴᠢᠭ ᠦᠨ ᠬᠡᠪᠯᠡᠮᠡᠯ ᠬᠠᠭᠤᠳᠠᠰᠤ᠂ ᠲᠡᠭᠦᠨ ᠦ ᠪᠦᠷᠢᠳᠦᠯ ᠳᠦ ᠲᠠᠯᠪᠢᠬᠤ ᠦᠨᠳᠦᠰᠦᠨ ᠱᠠᠭᠠᠷᠳᠠᠯᠭ᠎ᠠ MNS᠄6395᠄2022 ᠰᠲ᠋ᠠᠨᠳᠠᠷᠲ ᠢ ᠪᠠᠲᠤᠯᠠᠭᠰᠠᠨ ᠠᠴᠠ ᠬᠣᠶᠢᠰᠢ ᠕ ᠠᠶᠢᠮᠠᠭ᠂ ᠒᠐ ᠭᠠᠷᠤᠢ ᠪᠠᠶᠢᠭᠤᠯᠤᠯᠭ᠎ᠠ ᠮᠣᠩᠭᠣᠯ ᠪᠢᠴᠢᠭ ᠢᠶᠡᠷ ᠠᠯᠪᠠᠨ ᠬᠡᠷᠡᠭ ᠬᠥᠲᠥᠯᠬᠦ ᠠᠵᠢᠯ ᠢ ᠡᠬᠢᠯᠡᠭᠦᠯᠦᠭᠡᠳ ᠪᠠᠶᠢᠨ᠎ᠠ᠃
ᠤᠭ ᠠᠵᠢᠯ ᠢ ᠪᠦᠬᠦ ᠠᠶᠢᠮᠠᠭ ᠳᠡᠭᠦᠷᠭᠡ ᠳᠦ ᠲᠤᠷᠰᠢᠬᠤ᠂ ᠡᠷᠴᠢᠮᠵᠢᠭᠦᠯᠬᠦ ᠰᠤᠷᠭᠠᠯᠲᠠ ᠶᠢ ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ᠂ ᠲᠥᠷᠥ ᠶᠢᠨ ᠠᠯᠪᠠᠨ ᠤ ᠵᠥᠪᠯᠡᠯ᠂ ᠠᠷᠬᠢᠸ ᠤᠨ ᠶᠡᠷᠦᠩᠬᠡᠢ ᠭᠠᠵᠠᠷ ᠑᠐ ᠳ᠋ᠤᠭᠠᠷ ᠰᠠᠷ᠎ᠠ ᠠᠴᠠ ᠬᠠᠮᠲᠤᠷᠠᠨ ᠬᠡᠷᠡᠭᠵᠢᠭᠦᠯᠦᠨ᠎ᠡ᠃
ᠮᠥᠨ ᠮᠣᠩᠭᠣᠯ ᠬᠡᠯᠡ᠂ ᠦᠨᠳᠦᠰᠦᠨ ᠦ ᠪᠢᠴᠢᠭ ᠦᠨ ᠲᠧᠰᠲ ᠦᠨ ᠰᠠᠩ ᠢ ᠪᠦᠷᠢᠳᠦᠭᠦᠯᠵᠦ ᠲᠥᠷᠥ ᠶᠢᠨ ᠠᠯᠪᠠᠨ ᠤ ᠶᠡᠷᠦᠩᠬᠡᠢ ᠪᠣᠯᠤᠨ ᠲᠤᠰᠬᠠᠢ ᠰᠢᠯᠭᠠᠯᠲᠠ ᠳᠤ ᠠᠰᠢᠭᠯᠠᠵᠤ ᠡᠬᠢᠯᠡᠭᠡᠳ ᠪᠠᠶᠢᠨ᠎ᠠ᠃
ᠪᠢᠴᠢᠭᠰᠡᠨ᠄
ᠬᠡᠯᠡᠨ ᠤ ᠪᠤᠳᠤᠯᠭ᠎ᠠ ᠢᠢᠨ ᠦᠨᠳᠦᠰᠦᠨ ᠦ ᠵᠦᠪᠯᠡᠯ