ᠨᠣᠮ ᠤᠨ ᠰᠠᠩ᠂ ᠮᠦᠽᠧᠢ ᠶᠢᠨ ᠪᠣᠯᠪᠠᠰᠤᠷᠠᠯ ᠤᠨ ᠠᠵᠢᠯᠲᠠᠨ ᠨᠤᠭᠤᠳ ᠲᠠᠢ ᠬᠠᠮᠲᠤᠷᠠᠨ ᠠᠵᠢᠯᠯᠠᠬᠤ ᠪᠡᠷ ᠪᠤᠯᠤᠯ ᠠ
ᠮᠣᠩᠭᠣᠯ ᠤᠯᠤᠰ ᠤᠨ ᠵᠠᠰᠠᠭ ᠤᠨ ᠭᠠᠵᠠᠷ ᠤᠨ 2022 ᠣᠨ ᠤ 《ᠮᠣᠩᠭᠣᠯ ᠬᠡᠯᠡᠨ ᠦ ᠲᠤᠬᠠᠢ ᠬᠠᠤᠯᠢ ᠶᠢ ᠬᠡᠷᠡᠭᠵᠢᠭᠦᠯᠬᠦ ᠵᠠᠷᠢᠮ ᠠᠷᠭ᠎ᠠ ᠬᠡᠮᠵᠢᠶᠡᠨ ᠦ ᠲᠤᠬᠠᠢ》 7 ᠳ᠋ᠤᠭᠠᠷ ᠲᠣᠭᠲᠠᠭᠠᠯ᠂ ᠭᠠᠳᠠᠭᠠᠳᠤ ᠬᠠᠷᠢᠯᠴᠠᠭᠠᠨ ᠤ ᠰᠠᠶᠢᠳ ᠤᠨ 2021 ᠣᠨ ᠤ ᠠ᠊/51 ᠳ᠋ᠤᠭᠡᠷ ᠲᠤᠰᠢᠶᠠᠯ ᠢᠶᠠᠷ ᠪᠠᠲᠤᠯᠠᠭᠰᠠᠨ 《ᠳᠡᠯᠡᠬᠡᠢ ᠶᠢᠨ ᠮᠣᠩᠭᠣᠯᠴᠤᠳ-II》 ᠴᠣᠭᠴᠠ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠲᠥᠯᠥᠪᠯᠡᠭᠡ ᠶᠢ ᠬᠡᠷᠡᠭᠵᠢᠭᠦᠯᠬᠦ ᠠᠵᠢᠯ ᠤᠨ ᠬᠦᠷᠢᠶᠡᠨ ᠳᠥ ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ᠂ ᠭᠠᠳᠠᠭᠠᠳᠤ ᠬᠠᠷᠢᠯᠴᠠᠭᠠᠨ ᠤ ᠶᠠᠮᠤᠨ ᠬᠠᠮᠲᠤᠷᠠᠨ ᠠᠵᠢᠯᠯᠠᠵᠤ ᠪᠠᠶᠢᠨ᠎ᠠ᠃
ᠡᠨᠡ ᠬᠦᠷᠢᠶᠡᠨ ᠳᠥ ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ᠂ ᠭᠠᠳᠠᠭᠠᠳᠤ ᠬᠠᠷᠢᠯᠴᠠᠭᠠᠨ ᠤ ᠶᠠᠮᠤᠨ᠂ ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ ᠍ ᠤᠨ ᠭᠠᠳᠠᠭᠠᠳᠤ ᠳ᠋ᠠᠬᠢ ᠰᠠᠯᠪᠤᠷᠢ ᠵᠥᠪᠯᠡᠯ ᠬᠠᠮᠲᠤᠷᠠᠨ 2022 ᠣᠨ ᠤ 03 ᠳ᠋ᠤᠭᠠᠷ ᠰᠠᠷ᠎ᠠ ᠠᠴᠠ 2023 ᠣᠨ ᠤ 7 ᠳ᠋ᠤᠭᠠᠷ ᠰᠠᠷ᠎ᠠ ᠶᠢ ᠬᠦᠷᠲᠡᠯ᠎ᠡ ᠨᠡᠶᠢᠲᠡ 26 ᠤᠳᠠᠭ᠎ᠠ ᠭᠠᠳᠠᠭᠠᠳᠤ ᠳ᠋ᠠᠬᠢ ᠮᠣᠩᠭᠣᠯ ᠬᠡᠯᠡᠨ ᠦ ᠪᠠᠭᠰᠢ ᠨᠠᠷ ᠲᠤ ᠵᠣᠷᠢᠭᠤᠯᠤᠭᠰᠠᠨ ᠮᠡᠷᠭᠡᠵᠢᠯ᠂ ᠠᠷᠭ᠎ᠠ ᠵᠦᠢ ᠶᠢᠨ ᠴᠤᠪᠤᠷᠠᠯ ᠰᠤᠷᠭᠠᠯᠲᠠ ᠶᠢ ᠴᠠᠬᠢᠮ ᠬᠡᠯᠪᠡᠷᠢ ᠪᠡᠷ ᠵᠣᠬᠢᠶᠠᠨ ᠪᠠᠶᠢᠭᠤᠯᠵᠤ᠂ ᠭᠠᠳᠠᠭᠠᠳᠤ ᠳ᠋ᠠᠬᠢ ᠮᠣᠩᠭᠣᠯ ᠬᠡᠯᠡᠨ ᠦ ᠪᠠᠭᠰᠢ ᠨᠠᠷ ᠤᠨ ᠰᠤᠷᠭᠠᠯᠲᠠ ᠲᠤ 70 ᠭᠠᠷᠤᠢ ᠪᠠᠭᠰᠢ ᠲᠣᠭᠲᠠᠮᠠᠯ ᠬᠠᠮᠤᠷᠤᠭᠳᠠᠵᠤ ᠪᠠᠶᠢᠨ᠎ᠠ᠃
ᠲᠤᠰ ᠰᠤᠷᠭᠠᠯᠲᠠ ᠳᠤ ᠬᠠᠮᠤᠷᠤᠭᠳᠠᠵᠤ ᠪᠤᠢ ᠪᠠᠭᠰᠢ ᠨᠠᠷ ᠠᠴᠠ ᠮᠦᠽᠧᠢ ᠪᠣᠯᠤᠨ ᠨᠣᠮ ᠤᠨ ᠰᠠᠩ ᠤᠨ ᠪᠣᠯᠪᠠᠰᠤᠷᠠᠯ ᠤᠨ ᠬᠥᠲᠦᠯᠪᠦᠷᠢ ᠲᠡᠢ ᠲᠠᠨᠢᠯᠴᠠᠬᠤ ᠬᠦᠰᠡᠯᠳᠡ ᠢᠷᠡᠭᠦᠯᠦᠭᠰᠡᠨ ᠤᠴᠢᠷ ᠠᠴᠠ 2023 ᠣᠨ ᠤ 8 ᠳ᠋ᠤᠭᠠᠷ ᠰᠠᠷ᠎ᠠ ᠶᠢᠨ 29 ᠍ ᠦ ᠡᠳᠦᠷ ᠦᠨ 16᠄00 ᠴᠠᠭ ᠲᠤ ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ᠂ ᠭᠠᠳᠠᠭᠠᠳᠤ ᠬᠠᠷᠢᠯᠴᠠᠭᠠᠨ ᠤ ᠶᠠᠮᠤᠨ ᠤᠯᠠᠭᠠᠨᠪᠠᠭᠠᠲᠤᠷ ᠬᠣᠲᠠ ᠶᠢᠨ ᠮᠦᠽᠧᠢ᠂ ᠨᠣᠮ ᠤᠨ ᠰᠠᠩ ᠤᠨ ᠪᠣᠯᠪᠠᠰᠤᠷᠠᠯ ᠤᠨ ᠠᠵᠢᠯᠲᠠᠨ ᠨᠤᠭᠤᠳ ᠢ ᠬᠦᠯᠢᠶᠡᠨ ᠠᠪᠴᠤ ᠠᠭᠤᠯᠵᠠᠯ᠎ᠠ᠃
ᠤᠭ ᠠᠭᠤᠯᠵᠠᠯᠲᠠ ᠳᠤ ᠭᠠᠳᠠᠭᠠᠳᠤ ᠬᠠᠷᠢᠯᠴᠠᠭᠠᠨ ᠤ ᠶᠠᠮᠤᠨ ᠍ ᠤ ᠭᠠᠳᠠᠭᠠᠳᠤ ᠰᠤᠷᠲᠠᠯᠴᠢᠯᠠᠭ᠎ᠠ᠂ ᠰᠣᠶᠣᠯ ᠤᠨ ᠬᠠᠷᠢᠯᠴᠠᠭᠠᠨ ᠤ ᠭᠠᠵᠠᠷ ᠤᠨ ᠳᠠᠷᠤᠭ᠎ᠠ ᠲ᠂ ᠪᠤᠯᠠᠭᠠᠨ᠂ ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ ᠦᠨ ᠳᠠᠷᠤᠭ᠎ᠠ ᠯᠤ᠊᠂ ᠳᠠᠰᠢᠨᠢᠮ᠎ᠠ᠂ ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ ᠍ ᠤᠨ ᠠᠵᠢᠯ ᠤᠨ ᠠᠯᠪᠠᠨ ᠤ ᠳᠠᠷᠤᠭ᠎ᠠ ᠨᠢ᠊᠂ ᠨᠠᠷᠠᠨᠭ᠍ᠭᠡᠷᠡᠯ ᠪᠣᠯᠤᠨ ᠨᠡᠶᠢᠲᠡ 12 ᠮᠦᠽᠧᠢ᠂ ᠨᠣᠮ ᠤᠨ ᠰᠠᠩ ᠤᠨ ᠲᠥᠯᠦᠭᠡᠯᠡᠯ ᠣᠷᠣᠯᠴᠠᠯ᠎ᠠ᠃
ᠠᠭᠤᠯᠵᠠᠯᠲᠠ ᠶᠢ ᠨᠡᠭᠡᠭᠡᠵᠦ ᠭᠠᠳᠠᠭᠠᠳᠤ ᠬᠠᠷᠢᠯᠴᠠᠭᠠᠨ ᠤ ᠶᠠᠮᠤᠨ ᠍ ᠤ ᠭᠠᠳᠠᠭᠠᠳᠤ ᠰᠤᠷᠲᠠᠯᠴᠢᠯᠠᠭ᠎ᠠ᠂ ᠰᠤᠶᠤᠯ ᠤᠨ ᠬᠠᠷᠢᠯᠴᠠᠭᠠᠨ ᠤ ᠭᠠᠵᠠᠷ ᠤᠨ ᠳᠠᠷᠤᠭ᠎ᠠ ᠲ᠂ ᠪᠤᠯᠠᠭᠠᠨ᠂ ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ ᠦᠨ ᠳᠠᠷᠤᠭ᠎ᠠ ᠯᠤ᠊᠂ ᠳᠠᠰᠢᠨᠢᠮ᠎ᠠ ᠨᠠᠷ ᠦᠭᠡ ᠬᠡᠯᠡᠬᠦ ᠳᠥ ᠪᠡᠨ᠂ ᠭᠠᠳᠠᠭᠠᠳᠤ ᠳ᠋ᠠᠬᠢ ᠮᠣᠩᠭᠣᠯᠴᠤᠳ ᠤᠨ ᠡᠬᠡ ᠬᠡᠯᠡ᠂ ᠰᠤᠶᠤᠯ ᠤᠨ ᠪᠣᠯᠪᠠᠰᠤᠷᠠᠯ ᠨᠢ ᠮᠣᠩᠭᠣᠯ ᠤᠯᠤᠰ ᠲᠤ ᠠᠮᠢᠳᠤᠷᠠᠵᠤ ᠪᠤᠢ ᠮᠣᠩᠭᠣᠯᠴᠤᠳ ᠠᠴᠠ ᠢᠯᠭᠠᠭ᠎ᠠ ᠦᠭᠡᠢ ᠴᠢᠬᠤᠯᠠ ᠶᠢ ᠣᠨᠴᠠᠯᠠᠭᠠᠳ᠂ ᠭᠠᠳᠠᠭᠠᠳᠤ ᠳ᠋ᠠᠬᠢ ᠮᠣᠩᠭᠣᠯᠴᠤᠳ ᠲᠤ ᠪᠠᠨ ᠡᠬᠡ ᠬᠡᠯᠡ᠂ ᠰᠤᠶᠤᠯ ᠤᠨ ᠪᠣᠯᠪᠠᠰᠤᠷᠠᠯ ᠣᠯᠭᠤᠬᠤ ᠳᠤ ᠮᠦᠽᠧᠢ᠂ ᠨᠣᠮ ᠤᠨ ᠰᠠᠩ ᠨᠤᠭᠤᠳ ᠢ ᠳᠡᠮᠵᠢᠵᠦ ᠠᠵᠢᠯᠯᠠᠬᠤ ᠶᠢ ᠤᠷᠢᠶᠠᠯᠠᠯ᠎ᠠ᠃
ᠠᠭᠤᠯᠵᠠᠯᠲᠠ ᠶᠢᠨ ᠦᠶ᠎ᠡ ᠪᠡᠷ ᠨᠣᠮ ᠤᠨ ᠰᠠᠩ᠂ ᠮᠦᠽᠧᠢ ᠶᠢᠨ ᠪᠣᠯᠪᠠᠰᠤᠷᠠᠯ ᠤᠨ ᠠᠵᠢᠯᠲᠠᠨ ᠨᠤᠭᠤᠳ ᠥᠪᠡᠷᠰᠡᠳ ᠦᠨ ᠪᠠᠶᠢᠭᠤᠯᠤᠯᠭ᠎ᠠ ᠶᠢᠨ ᠪᠣᠯᠪᠠᠰᠤᠷᠠᠯ ᠤᠨ ᠬᠥᠲᠦᠯᠪᠦᠷᠢ ᠶᠢᠨ ᠣᠨᠴᠠᠯᠢᠭ ᠢ ᠭᠠᠳᠠᠭᠠᠳᠤ ᠳ᠋ᠠᠬᠢ ᠮᠣᠩᠭᠣᠯᠴᠤᠳ ᠲᠤ ᠬᠡᠷᠬᠢᠨ ᠲᠠᠨᠢᠭᠤᠯᠤᠨ ᠬᠡᠷᠡᠭᠵᠢᠭᠦᠯᠵᠦ ᠪᠣᠯᠬᠤ ᠲᠠᠯ᠎ᠠ ᠪᠠᠷ ᠰᠠᠨᠠᠯ ᠢᠶᠠᠨ ᠬᠡᠯᠡᠵᠦ᠂ ᠭᠠᠳᠠᠭᠠᠳᠤ ᠳ᠋ᠠᠬᠢ ᠮᠣᠩᠭᠣᠯ ᠬᠡᠦᠬᠡᠳ ᠦᠳ ᠲᠥ ᠡᠬᠡ ᠬᠡᠯᠡ ᠰᠣᠶᠣᠯ᠂ ᠲᠡᠦᠬᠡ᠂ ᠥᠪ ᠤᠯᠠᠮᠵᠢᠯᠠᠯ ᠤᠨ ᠲᠠᠯ᠎ᠠ ᠪᠠᠷ ᠮᠡᠳᠡᠯᠭᠡ ᠪᠣᠯᠪᠠᠰᠤᠷᠠᠯ ᠣᠯᠭᠤᠬᠤ᠂ ᠲᠠᠨᠢᠭᠤᠯᠬᠤ ᠠᠵᠢᠯ ᠢ ᠳᠡᠮᠵᠢᠨ᠂ ᠰᠤᠷᠭᠠᠯᠲᠠ ᠳᠤ ᠬᠠᠮᠤᠷᠠᠭᠳᠠᠵᠤ ᠪᠤᠢ ᠪᠠᠭᠰᠢ ᠨᠠᠷ ᠲᠤ ᠮᠡᠷᠭᠡᠵᠢᠯ ᠠᠷᠭ᠎ᠠ ᠵᠦᠢ ᠶᠢᠨ ᠵᠥᠪᠯᠡᠭᠡ ᠥᠭᠴᠦ᠂ ᠮᠡᠳᠡᠯᠭᠡ ᠮᠡᠳᠡᠭᠡᠯᠡᠯ ᠢᠶᠡᠨ ᠬᠤᠪᠢᠶᠠᠯᠴᠠᠵᠤ᠂ ᠬᠠᠮᠲᠤᠷᠠᠨ ᠠᠵᠢᠯᠯᠠᠬᠤ ᠪᠠᠨ ᠢᠯᠡᠷᠬᠡᠶᠢᠯᠡᠯ᠎ᠡ᠃
ᠪᠢᠴᠢᠭᠰᠡᠨ᠄
ᠬᠡᠯᠡᠨ ᠤ ᠪᠤᠳᠤᠯᠭ᠎ᠠ ᠢᠢᠨ ᠦᠨᠳᠦᠰᠦᠨ ᠦ ᠵᠦᠪᠯᠡᠯ