《ᠮᠣᠩᠭᠣᠯ ᠬᠡᠯᠡ᠂ ᠪᠢᠴᠢᠭ ᠦᠨ ᠠᠰᠠᠭᠤᠳᠠᠯ᠂ ᠰᠢᠢᠳᠦᠯ》 ᠦᠨᠳᠦᠰᠦᠨ ᠦ ᠴᠢᠭᠤᠯᠭᠠᠨ ᠳᠤ ᠣᠷᠣᠯᠴᠠᠭᠴᠢᠳ ᠵᠥᠪᠯᠡᠮᠵᠢ ᠭᠠᠷᠭᠠᠯ᠎ᠠ
ᠮᠣᠩᠭᠣᠯ ᠬᠡᠯᠡ᠂ ᠪᠢᠴᠢᠭ ᠦᠨ ᠠᠰᠠᠭᠤᠳᠠᠯ᠂ ᠰᠢᠢᠳᠦᠯ》 ᠦᠨᠳᠦᠰᠦᠨ ᠦ ᠴᠢᠭᠤᠯᠭᠠᠨ ᠢ ᠥᠨᠥᠳᠥᠷ /2024.01.15/ ᠤᠯᠤᠰ ᠤᠨ ᠶᠡᠬᠡ ᠬᠤᠷᠠᠯ ᠤᠨ ᠪᠣᠯᠪᠠᠰᠤᠷᠠᠯ᠂ ᠰᠤᠶᠤᠯ᠂ ᠰᠢᠨᠵᠢᠯᠡᠬᠦ ᠤᠬᠠᠭᠠᠨ᠂ ᠰᠫᠣᠷᠲ ᠤᠨ ᠪᠠᠶᠢᠩᠭᠤ ᠶᠢᠨ ᠬᠣᠷᠢᠶ᠎ᠠ᠂ ᠪᠣᠯᠪᠠᠰᠤᠷᠠᠯ᠂ ᠰᠢᠨᠵᠢᠯᠡᠬᠦ ᠤᠬᠠᠭᠠᠨ ᠤ ᠶᠠᠮᠤ᠂ ᠴᠠᠬᠢᠮ ᠬᠥᠭᠵᠢᠯ᠂
ᠬᠠᠷᠢᠯᠴᠠᠭ᠎ᠠ ᠬᠣᠯᠪᠣᠭᠠᠨ ᠤ ᠶᠠᠮᠤ᠂ ᠰᠤᠶᠤᠯ ᠤᠨ ᠶᠠᠮᠤ᠂ ᠪᠣᠯᠪᠠᠰᠤᠷᠠᠯ ᠤᠨ ᠶᠡᠷᠦᠩᠬᠡᠢ ᠭᠠᠵᠠᠷ᠂ ᠰᠢᠨᠵᠢᠯᠡᠬᠦ ᠤᠬᠠᠭᠠᠨ ᠤ ᠠᠺᠠᠳᠧᠮᠢ᠍ ᠶᠢᠨ ᠬᠡᠯᠡ ᠵᠣᠬᠢᠶᠠᠯ ᠤᠨ ᠬᠦᠷᠢᠶᠡᠯᠡᠩ᠂ ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ᠂ ᠪᠣᠯᠪᠠᠰᠤᠷᠠᠯ ᠤᠨ ᠰᠤᠳᠤᠯᠭᠠᠨ ᠤ ᠦᠨᠳᠦᠰᠦᠨ ᠦ ᠬᠦᠷᠢᠶᠡᠯᠡᠩ᠂ ᠮᠣᠩᠭᠣᠯ ᠤᠯᠤᠰ ᠤᠨ ᠶᠡᠬᠡ ᠰᠤᠷᠭᠠᠭᠤᠯᠢ᠂ ᠮᠣᠩᠭᠣᠯ ᠤᠯᠤᠰ ᠤᠨ ᠪᠣᠯᠪᠠᠰᠤᠷᠠᠯ ᠤᠨ ᠶᠡᠬᠡ ᠰᠤᠷᠭᠠᠭᠤᠯᠢ ᠲᠠᠢ ᠬᠠᠮᠲᠤᠷᠠᠨ ᠵᠣᠬᠢᠶᠠᠨ ᠪᠠᠶᠢᠭᠤᠯᠤᠯ᠎ᠠ᠃
ᠴᠢᠭᠤᠯᠭᠠᠨ ᠳᠤ ᠣᠷᠣᠯᠴᠠᠭᠴᠢᠳ ᠲᠤ ᠬᠦᠷᠭᠡᠭᠰᠡᠨ ᠮᠣᠩᠭᠣᠯ ᠤᠯᠤᠰ ᠤᠨ ᠶᠡᠷᠦᠩᠬᠡᠶᠢᠯᠡᠭᠴᠢ ᠤ᠊ ∙ ᠬᠦᠷᠦᠯᠰᠦ᠋ᠬᠡ ᠶᠢᠨ ᠮᠡᠨᠳᠦᠴᠢᠯᠡᠭᠡ ᠶᠢ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠶᠠ᠊ ∙ ᠰᠣᠳᠤᠪᠠᠭᠠᠲᠤᠷ᠂ ᠮᠣᠩᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠭᠤ᠊ ∙ ᠽᠠᠨᠳᠠᠨᠰᠢᠲᠠᠷ ᠤᠨ ᠮᠡᠨᠳᠦᠴᠢᠯᠡᠭᠡ ᠶᠢ ᠪᠣᠯᠪᠠᠰᠤᠷᠠᠯ᠂ ᠰᠣᠶᠣᠯ᠂ ᠰᠢᠨᠵᠢᠯᠡᠬᠦ ᠤᠬᠠᠭᠠᠨ᠂ ᠰᠫᠣᠷᠲ ᠤᠨ ᠪᠠᠶᠢᠩᠭᠤ ᠶᠢᠨ ᠬᠣᠷᠢᠶᠠᠨ ᠤ ᠳᠠᠷᠤᠭ᠎ᠠ ᠪᠡ᠊ ∙ ᠪᠠᠶᠠᠷᠰᠠᠶᠢᠬᠠᠨ᠂ ᠮᠣᠩᠭᠣᠯ ᠤᠯᠤᠰ ᠤᠨ ᠶᠡᠷᠦᠩᠬᠡᠢ ᠰᠠᠶᠢᠳ ᠯᠤ᠊ ∙ ᠣᠶᠤᠨ-ᠡᠷᠳᠡᠨᠢ ᠶᠢᠨ ᠮᠡᠨᠳᠦᠴᠢᠯᠡᠭᠡ ᠶᠢ ᠶᠡᠷᠦᠩᠬᠡᠢ ᠰᠠᠶᠢᠳ ᠤᠨ ᠵᠦᠪᠯᠡᠬᠦ ᠴ᠊ ∙ ᠪᠣᠯᠣᠷᠲᠤᠶᠠᠭ᠎ᠠ ᠨᠠᠷ ᠤᠯᠠᠮᠵᠢᠯᠠᠭᠰᠠᠨ ᠶᠤᠮ᠃ ᠤᠯᠤᠰ ᠤᠨ ᠶᠡᠬᠡ ᠬᠤᠷᠠᠯ ᠤᠨ ᠳᠠᠷᠤᠭ᠎ᠠ ᠭᠤ᠊ ∙ ᠽᠠᠨᠳᠠᠨᠰᠢᠲᠠᠷ ᠮᠡᠨᠳᠦᠴᠢᠯᠡᠭᠡᠨ ᠳᠦ ᠪᠡᠨ᠂ 《UNESCO ᠡᠴᠠ ᠳᠠᠶᠠᠭᠠᠷᠰᠢᠯ ᠤᠨ ᠡᠷᠡᠨ ᠦᠶ᠎ᠡ ᠳᠦ ᠬᠦᠮᠦᠨ ᠲᠥᠷᠥᠯᠬᠢᠲᠡᠨ ᠦ ᠡᠮᠦᠨ᠎ᠡ ᠲᠤᠯᠭᠠᠷᠴᠤ ᠪᠠᠶᠢᠭ᠎ᠠ ᠡᠩ ᠲᠡᠷᠢᠭᠦᠨ ᠦ ᠠᠰᠠᠭᠤᠳᠠᠯ ᠨᠢ ᠳᠡᠯᠡᠬᠡᠢ ᠶᠢᠨ ᠵᠠᠷᠢᠮ ᠤᠯᠤᠰ ᠦᠨᠳᠦᠰᠦᠲᠡᠨ ᠦ ᠬᠡᠯᠡ ᠶᠢ ᠬᠠᠮᠠᠭᠠᠯᠠᠬᠤ᠂ ᠬᠥᠭᠵᠢᠭᠦᠯᠬᠦ ᠭᠡᠳᠡᠭ ᠢ ᠣᠨᠴᠠᠯᠠᠭᠰᠠᠨ ᠪᠥᠭᠡᠳ 2030 ᠣᠨ ᠬᠦᠷᠲᠡᠯ᠎ᠡ ᠬᠡᠷᠡᠭᠵᠢᠭᠦᠯᠵᠦ ᠪᠤᠢ ᠲᠣᠭᠲᠠᠪᠤᠷᠢᠲᠠᠢ ᠬᠥᠭᠵᠢᠯ ᠦᠨ ᠬᠥᠲᠥᠯᠪᠦᠷᠢ ᠶᠢᠨ ᠬᠦᠷᠢᠶᠡᠨ ᠳᠦ 244 ᠰᠠᠶ᠋ᠢ ᠬᠡᠦᠬᠡᠳ ᠰᠤᠷᠭᠠᠭᠤᠯᠢ ᠳᠤ ᠰᠤᠷᠠᠭᠠ ᠦᠭᠡᠢ᠂ 763 ᠰᠠᠶ᠎ᠠ ᠬᠦᠮᠦᠨ ᠣᠭᠲᠣ ᠤᠩᠰᠢᠵᠤ᠂ ᠪᠢᠴᠢᠵᠦ ᠴᠢᠳᠠᠬᠤ ᠦᠭᠡᠢ ᠪᠠᠶᠢᠭ᠎ᠠ ᠶᠢ ᠮᠡᠳᠡᠭᠡᠯᠡᠭᠰᠡᠨ᠃ ᠲᠡᠶᠢᠮᠦ ᠤᠴᠢᠷ ᠠᠴᠠ UNESCO ᠳᠡᠯᠡᠬᠡᠢ ᠶᠢᠨ ᠤᠯᠤᠰ ᠣᠷᠣᠨ ᠨᠤᠭᠤᠳ ᠲᠤ ᠬᠡᠦᠬᠡᠳ ᠢ ᠡᠬᠡ ᠬᠡᠯᠡ ᠪᠡᠷ ᠨᠢ ᠡᠬᠢᠯᠡᠨ ᠪᠢᠴᠢᠭ ᠦᠰᠦᠭ ᠦᠨ ᠪᠣᠯᠪᠠᠰᠤᠷᠠᠯ ᠣᠯᠭᠤᠬᠤ ᠳᠤ ᠠᠩᠬᠠᠷᠬᠤ ᠶᠢ ᠪᠠᠶᠢᠩᠭᠤ ᠳᠡᠮᠵᠢᠵᠦ ᠤᠷᠢᠶᠠᠯᠭ᠎ᠠ ᠭᠠᠷᠭᠠᠭᠰᠠᠭᠠᠷ ᠪᠠᠶᠢᠭ᠎ᠠ ᠪᠢᠯᠡ᠃ ᠰᠠᠶ᠋ᠢᠬᠠᠨ ᠪᠣᠯᠪᠠᠰᠤᠷᠠᠯ᠂ ᠰᠢᠨᠵᠢᠯᠡᠬᠦ ᠤᠬᠠᠭᠠᠨ ᠤ ᠶᠠᠮᠤᠨ ᠠᠴᠠ ᠬᠡᠦᠬᠡᠳ ᠦᠨ ᠰᠤᠷᠤᠯᠭ᠎ᠠ ᠶᠢᠨ ᠠᠮᠵᠢᠯᠲᠠ ᠶᠢᠨ ᠣᠯᠠᠨ ᠤᠯᠤᠰ ᠤᠨ ᠦᠨᠡᠯᠡᠭᠡᠨ ᠦ ᠳᠦ᠋᠋ᠢᠩ ᠢ ᠲᠠᠨᠢᠯᠴᠠᠭᠤᠯᠤᠯ᠎ᠠ᠃ ᠡᠨᠡ ᠦᠷ᠎ᠡ ᠳᠦ᠋᠋ᠢᠩ ᠪᠡᠷ ᠮᠣᠩᠭᠣᠯ ᠤᠯᠤᠰ ᠦᠨᠡᠯᠡᠭᠡᠨ ᠳᠦ ᠬᠠᠮᠤᠷᠤᠭᠳᠠᠭᠰᠠᠨ 81 ᠣᠷᠣᠨ ᠠᠴᠠ ᠤᠩᠰᠢᠬᠤ ᠴᠢᠳᠠᠪᠤᠷᠢ 65 ᠳ᠋ᠤᠭᠠᠷ ᠪᠠᠶᠢᠷᠢ ᠳᠤ ᠡᠷᠢᠮᠪᠡᠯᠡᠭᠳᠡᠭᠰᠡᠨ ᠨᠢ ᠳᠡᠭᠡᠷᠡᠬᠢ ᠦᠵᠡᠭᠦᠯᠦᠯᠲᠡ ᠶᠢᠨ ᠦᠷ᠎ᠡ ᠳᠦ᠋᠋ᠢᠩ ᠢ ᠮᠥᠨ ᠭᠡᠷᠡᠴᠢᠯᠡᠵᠦ ᠪᠠᠶᠢᠭ᠎ᠠ ᠲᠡᠳᠦᠢ ᠦᠭᠡᠢ ᠡᠨᠡ ᠰᠤᠳᠤᠯᠭ᠎ᠠ ᠨᠢ ᠬᠡᠦᠬᠡᠳ ᠦᠨ ᠬᠡᠯᠡ ᠰᠤᠶᠤᠯ ᠤᠨ ᠣᠷᠴᠢᠨ ᠢ ᠲᠥᠷᠥ ᠶᠢᠨ ᠪᠣᠳᠣᠯᠭ᠎ᠠ ᠪᠠᠷ ᠣᠨᠴᠠᠭᠠᠶᠢᠯᠠᠨ ᠠᠩᠬᠠᠷᠬᠤ ᠶᠣᠰᠣᠲᠠᠢ ᠶᠢ ᠳᠠᠬᠢᠨ ᠰᠠᠨᠠᠭᠤᠯᠤᠯ᠎ᠠ᠃ ᠬᠠᠷᠢᠨ ᠮᠣᠩᠭᠣᠯ ᠤᠯᠤᠰ ᠤᠨ 2020 ᠣᠨ ᠤ ᠬᠦᠮᠦᠨ ᠠᠮᠠ᠂ ᠣᠷᠣᠨ ᠰᠠᠭᠤᠴᠠᠨ ᠤ ᠲᠣᠭᠠᠯᠠᠯᠭ᠎ᠠ ᠶᠢᠨ ᠳᠦ᠋᠋ᠢᠩ ᠡᠴᠡ ᠦᠵᠡᠬᠦ ᠳᠦ ᠪᠢᠴᠢᠭ᠂ ᠦᠰᠦᠭ ᠲᠠᠶᠢᠯᠤᠭᠳᠠᠯᠲᠠ ᠶᠢᠨ ᠬᠤᠪᠢ 98.7 ᠬᠤᠪᠢ ᠲᠠᠢ ᠭᠠᠷᠤᠭᠰᠠᠨ ᠨᠢ ᠮᠠᠨ ᠤ ᠣᠷᠣᠨ ᠤ ᠬᠤᠪᠢ ᠳᠤ ᠴᠢᠮᠠᠯᠠᠬᠤ ᠪᠠᠷ ᠦᠭᠡᠢ ᠦᠵᠡᠭᠦᠯᠦᠯᠲᠡ ᠴᠤ ᠡᠨᠡ ᠨᠢ ᠺᠢᠷᠢᠯ ᠪᠢᠴᠢᠭ ᠦᠨ ᠦᠰᠦᠭ᠂ ᠪᠢᠴᠢᠭ ᠦᠨ ᠪᠣᠯᠪᠠᠰᠤᠷᠠᠯ ᠳᠤ ᠥᠭᠭᠦᠭᠰᠡᠨ ᠦᠨᠡᠯᠡᠭᠡ ᠪᠣᠯᠤᠨ᠎ᠠ᠃
ᠬᠡᠯᠡᠨ ᠦ ᠲᠠᠯᠠᠭᠠᠷᠬᠢ ᠲᠥᠷᠥ ᠶᠢᠨ ᠪᠣᠳᠣᠯᠭ᠎ᠠ ᠶᠢᠨ ᠰᠠᠯᠤᠰᠢ ᠦᠭᠡᠢ ᠨᠢᠭᠡ ᠪᠦᠷᠢᠯᠳᠦᠬᠦᠨ ᠬᠡᠰᠡᠭ ᠪᠣᠯᠤᠭᠰᠠᠨ ᠦᠨᠳᠦᠰᠦᠨ ᠦ ᠮᠣᠩᠭᠣᠯ ᠪᠢᠴᠢᠭ ᠦᠰᠦᠭ᠂ ᠲᠡᠭᠦᠪᠡᠷ ᠥᠪᠯᠡᠭᠳᠡᠨ ᠢᠷᠡᠭᠰᠡᠨ ᠪᠠᠷᠢᠮᠲᠠᠳᠤ ᠥᠪ ᠭᠡᠵᠦ ᠦᠵᠡᠵᠦ᠂ ᠦᠨᠳᠦᠰᠦᠨ ᠦ ᠪᠢᠴᠢᠭ ᠢᠶᠡᠷ ᠬᠢ ᠡᠦᠬᠡ ᠲᠡᠦᠬᠡ ᠪᠡᠨ ᠰᠤᠳᠤᠯᠬᠤ᠂ ᠬᠠᠮᠠᠭᠠᠯᠠᠬᠤ᠂ ᠬᠡᠷᠬᠢᠨ ᠴᠢᠨᠠᠭᠰᠢ ᠥᠪᠯᠡᠭᠦᠯᠬᠦ ᠠᠰᠠᠭᠤᠳᠠᠯ ᠢ ᠲᠥᠷᠥ ᠶᠢᠨ ᠪᠣᠳᠣᠯᠭ᠎ᠠ ᠶᠢᠨ ᠭᠠᠳᠠᠨ᠎ᠠ ᠤᠷᠬᠢᠬᠤ ᠤᠴᠢᠷ ᠦᠭᠡᠢ 》ᠬᠡᠮᠡᠭᠰᠡᠨ᠃ ᠮᠥᠨ ᠲᠥᠷᠥ ᠶᠢᠨ ᠠᠯᠪᠠᠨ ᠬᠠᠭᠠᠭᠴᠢᠳ ᠦᠨᠳᠦᠰᠦᠨ ᠦ ᠪᠢᠴᠢᠭ ᠢᠶᠡᠨ ᠮᠡᠳᠡᠳᠡᠭ᠂ ᠰᠤᠳᠤᠯᠳᠠᠭ ᠪᠠᠶᠢᠬᠤ ᠰᠢᠯᠭᠠᠭᠤᠷ ᠦᠵᠡᠭᠦᠯᠦᠯᠲᠡ ᠶᠢ ᠲᠥᠷᠥ ᠶᠢᠨ ᠠᠯᠪᠠᠨ ᠬᠠᠭᠠᠭᠴᠢ ᠶᠢᠨ ᠬᠤᠪ ᠤᠨ ᠬᠡᠷᠡᠭ ᠬᠥᠲᠥᠯᠬᠦ ᠵᠢᠷᠤᠮ ᠳᠤ ᠣᠷᠣᠭᠤᠯᠵᠤ᠂ ᠲᠥᠷᠥ ᠶᠢᠨ ᠠᠯᠪᠠᠨ ᠳᠤ ᠠᠩᠬ᠎ᠠ ᠤᠷᠤᠬᠤ ᠢᠷᠭᠡᠨ ᠮᠣᠩᠭᠣᠯ ᠬᠡᠯᠡᠨ ᠦ ᠰᠢᠯᠭᠠᠯᠲᠠ ᠥᠭᠳᠡᠭ ᠤᠯᠠᠮᠵᠢᠯᠠᠯ 2016 ᠣᠨ ᠠᠴᠠ ᠲᠣᠭᠲᠠᠵᠤ ᠬᠡᠪᠰᠢᠭᠰᠡᠨ ᠢ ᠳᠤᠷᠠᠳᠤᠭᠠᠳ᠂ ᠮᠣᠩᠭᠣᠯ ᠤᠯᠤᠰ ᠤᠨ ᠶᠡᠬᠡ ᠬᠤᠷᠠᠯ ᠢᠶᠠᠷ ᠥᠩᠭᠡᠷᠡᠭᠰᠡᠨ ᠵᠢᠯ ᠰᠢᠨᠡᠴᠢᠯᠡᠨ ᠪᠠᠲᠤᠯᠠᠭᠰᠠᠨ ᠪᠣᠯᠪᠠᠰᠤᠷᠠᠯ ᠤᠨ ᠪᠠᠭᠴᠠ ᠬᠠᠤᠯᠢ ᠶᠢ ᠦᠷ᠎ᠡ ᠳᠥᠩ ᠲᠡᠢ ᠬᠡᠷᠡᠭᠵᠢᠭᠦᠯᠬᠦ ᠨᠢ ᠬᠣᠶᠢᠰᠢᠯᠠᠭᠤᠯᠤᠰᠢ ᠦᠭᠡᠢ ᠨᠡᠩ ᠴᠢᠬᠤᠯᠠ ᠵᠣᠷᠢᠯᠲᠠ ᠪᠣᠯᠵᠤ ᠪᠠᠶᠢᠭ᠎ᠠ ᠶᠢ ᠴᠣᠬᠣᠨ ᠲᠡᠮᠳᠡᠭᠯᠡᠭᠰᠡᠨ ᠶᠤᠮ᠃ ᠴᠢᠭᠤᠯᠭ᠎ᠠ ᠠᠭᠤᠯᠵᠠᠯᠲᠠ ᠶᠢᠨ ᠦᠨᠳᠦᠰᠦᠨ ᠢᠯᠡᠳᠬᠡᠭᠴᠢ ᠤᠯᠤᠰ ᠤᠨ ᠶᠡᠬᠡ ᠬᠤᠷᠠᠯ ᠤᠨ ᠭᠡᠰᠢᠭᠦᠨ᠂ ᠮᠣᠩᠭᠣᠯ ᠬᠡᠯᠡ᠂ ᠪᠢᠴᠢᠭ ᠦᠨ ᠦᠨᠡᠯᠡᠮᠵᠢ᠂ ᠬᠡᠷᠡᠭᠯᠡᠭᠡ᠂ ᠡᠷᠬᠡ ᠵᠦᠢ ᠶᠢᠨ ᠣᠷᠴᠢᠨ ᠢ ᠪᠣᠯᠪᠠᠰᠤᠷᠠᠩᠭᠤᠢ ᠪᠣᠯᠭᠠᠬᠤ ᠠᠰᠠᠭᠤᠳᠠᠯ ᠢᠶᠠᠷ ᠵᠥᠪᠯᠡᠮᠵᠢ᠂ ᠰᠠᠨᠠᠯ᠂ ᠳ᠋ᠦᠩᠨᠡᠯᠲᠡ ᠭᠠᠷᠭᠠᠬᠤ ᠡᠭᠦᠷᠭᠡ ᠪᠦᠬᠦᠢ ᠠᠵᠢᠯ ᠤᠨ ᠬᠡᠰᠡᠭ ᠦᠨ ᠠᠬᠠᠯᠠᠭᠴᠢ ᠭᠤ᠊ ∙ ᠮᠥᠩᠬᠡᠴᠡᠴᠡᠭ 《ᠮᠣᠩᠭᠣᠯ ᠬᠡᠯᠡ᠂ ᠪᠢᠴᠢᠭ ᠦᠨ ᠡᠷᠬᠡ ᠵᠦᠢ ᠶᠢᠨ ᠵᠣᠬᠢᠴᠠᠭᠤᠯᠤᠯᠲᠠ᠂ ᠪᠣᠳᠣᠯᠭ᠎ᠠ᠂ ᠬᠡᠷᠡᠭᠵᠢᠯᠲᠡ》 ᠰᠡᠳᠦᠪ ᠢᠶᠡᠷ ᠢᠯᠡᠳᠬᠡᠯ ᠲᠠᠨᠢᠯᠴᠠᠭᠤᠯᠤᠭᠰᠠᠨ᠃
ᠲᠡᠷᠡᠪᠡᠷ ᠢᠯᠡᠳᠬᠡᠯ ᠳᠦ ᠪᠡᠨ᠂ ᠤᠯᠤᠰ ᠤᠨ ᠶᠡᠬᠡ ᠬᠤᠷᠠᠯ ᠠᠴᠠ 《 ᠲᠥᠷᠥ ᠶᠢᠨ ᠠᠯᠪᠠᠨ ᠶᠣᠰᠣᠨ ᠤ ᠬᠡᠯᠡᠨ ᠦ ᠲᠤᠬᠠᠢ》 ᠬᠠᠤᠯᠢ ᠶᠢ 2003 ᠣᠨ ᠳᠤ ᠪᠠᠲᠤᠯᠠᠵᠤ᠂ ᠡᠨᠡᠬᠦ ᠬᠠᠤᠯᠢ ᠶᠢᠨ ᠬᠠᠮᠤᠷᠬᠤ ᠬᠦᠷᠢᠢ᠎ᠡ ᠶᠢ ᠥᠷᠭᠡᠳᠬᠡᠨ 2015 ᠣᠨ ᠤ 2 ᠳ᠋ᠤᠭᠠᠷ ᠰᠠᠷ᠎ᠠ ᠶᠢᠨ 12 ᠳᠦ ᠮᠣᠩᠭᠣᠯ ᠬᠡᠯᠡᠨ ᠦ ᠲᠤᠬᠠᠢ ᠬᠠᠤᠯᠢ ᠶᠢ ᠪᠠᠲᠤᠯᠠᠨ ᠮᠥᠨ ᠣᠨ ᠤ 7 ᠰᠠᠷ᠎ᠠ ᠶᠢᠨ 1 ᠦ ᠡᠳᠦᠷ ᠡᠴᠡ ᠡᠬᠢᠯᠡᠨ ᠬᠠᠤᠯᠢ ᠶᠢ ᠬᠡᠷᠡᠭᠵᠢᠭᠦᠯᠵᠦ ᠡᠬᠢᠯᠡᠭᠰᠡᠨ ᠬᠡᠮᠡᠪᠡ᠃ 2020 ᠣᠨ ᠳᠤ ᠪᠠᠲᠤᠯᠠᠭᠰᠠᠨ 《 ᠠᠯᠤᠰ ᠤᠨ ᠬᠠᠷᠠᠭ᠎ᠠ-2050 》 ᠮᠣᠩᠭᠣᠯ ᠤᠯᠤᠰ ᠤᠨ ᠬᠥᠭᠵᠢᠯ ᠦᠨ ᠪᠣᠳᠣᠯᠭ᠎ᠠ᠂ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ 2010 ᠣᠨ ᠤ 《ᠮᠣᠩᠭᠣᠯ ᠪᠢᠴᠢᠭ ᠦᠨ ᠬᠡᠷᠡᠭᠯᠡᠭᠡ ᠶᠢ ᠨᠡᠮᠡᠭᠳᠡᠭᠦᠯᠬᠦ ᠠᠵᠢᠯ ᠢ ᠡᠷᠴᠢᠮᠵᠢᠭᠦᠯᠬᠦ ᠲᠤᠬᠠᠢ》 155 ᠳ᠋ᠤᠭᠠᠷ ᠵᠠᠷᠯᠢᠭ᠂ 2018 ᠣᠨ ᠤ 《ᠮᠣᠩᠭᠣᠯ ᠪᠢᠴᠢᠭ ᠦᠨ ᠬᠡᠷᠡᠭᠯᠡᠭᠡ ᠶᠢ ᠨᠡᠮᠡᠭᠳᠡᠭᠦᠯᠬᠦ ᠠᠵᠢᠯ ᠢ ᠡᠷᠴᠢᠮᠵᠢᠭᠦᠯᠬᠦ ᠲᠤᠬᠠᠢ 》 46 ᠳ᠋ᠤᠭᠠᠷ ᠵᠠᠷᠯᠢᠭ᠂ ᠮᠣᠩᠭᠣᠯ ᠤᠯᠤᠰ ᠤᠨ ᠵᠠᠰᠠᠭ ᠤᠨ ᠭᠠᠵᠠᠷ ᠠᠴᠠ 2020 ᠣᠨ ᠳᠤ ᠪᠠᠲᠤᠯᠠᠭᠰᠠᠨ 《ᠮᠣᠩᠭᠣᠯ ᠪᠢᠴᠢᠭ ᠦᠨ ᠦᠨᠳᠦᠰᠦᠨ ᠦ ᠬᠥᠲᠥᠯᠪᠦᠷᠢ III》 ᠵᠡᠷᠭᠡ ᠪᠣᠳᠣᠯᠭ᠎ᠠ ᠶᠢᠨ ᠪᠠᠷᠢᠮᠲᠠ ᠪᠢᠴᠢᠭ ᠦᠳ ᠬᠡᠷᠡᠭᠵᠢᠵᠦ ᠪᠠᠶᠢᠭ᠎ᠠ ᠶᠢ ᠣᠨᠴᠠᠯᠠᠨ ᠲᠡᠮᠳᠡᠭᠯᠡᠭᠰᠡᠨ᠃ ᠲᠡᠭᠦᠨᠴᠢᠯᠡᠨ 《 ᠮᠣᠩᠭᠣᠯᠴᠤᠳ ᠪᠢᠳᠡ ᠡᠬᠡ ᠬᠡᠯᠡ᠂ ᠲᠡᠦᠬᠡ᠂ ᠰᠣᠶᠣᠯ ᠢᠶᠠᠷ ᠢᠶᠠᠨ ᠪᠠᠬᠠᠷᠬᠠᠵᠤ᠂ ᠥᠪᠯᠡᠨ ᠳᠡᠭᠡᠳᠦᠯᠡᠬᠦ᠂ ᠬᠦᠨᠳᠦᠳᠬᠡᠨ ᠳᠡᠯᠭᠡᠷᠡᠭᠦᠯᠬᠦ ᠰᠡᠳᠬᠢᠯ ᠵᠢᠷᠦᠬᠡᠨ ᠦ ᠪᠣᠯᠪᠠᠰᠤᠷᠠᠯ ᠢ ᠠᠪᠴᠤ ᠲᠥᠷᠦᠳᠡᠭ ᠠᠷᠠᠳ ᠲᠦᠮᠡᠨ᠃ ᠡᠨᠡᠬᠦ ᠲᠡᠦᠬᠡ ᠰᠣᠶᠣᠯ᠂ ᠥᠪ ᠰᠣᠶᠣᠯ ᠢᠶᠠᠨ ᠦᠷ᠎ᠡ ᠬᠡᠦᠬᠡᠳ ᠦᠳ ᠳᠡᠭᠡᠨ ᠥᠪᠯᠡᠭᠦᠯᠦᠨ ᠦᠯᠡᠳᠡᠭᠡᠬᠦ ᠨᠢ ᠪᠢᠳᠡᠨ ᠦ ᠡᠷᠬᠢᠮ ᠡᠭᠦᠷᠭᠡ᠃
ᠲᠡᠶᠢᠮᠦ ᠴᠤ ᠤᠴᠢᠷ ᠮᠣᠩᠭᠣᠯ ᠬᠡᠦᠬᠡᠳ ᠲᠦ ᠵᠣᠷᠢᠭᠤᠯᠤᠭᠰᠠᠨ ᠰᠤᠷᠭᠠᠯᠲᠠ ᠶᠢᠨ ᠬᠥᠲᠥᠯᠪᠦᠷᠢ ᠨᠢ ᠮᠣᠩᠭᠣᠯ ᠬᠡᠯᠡ᠂ ᠪᠢᠴᠢᠭ᠂ ᠦᠨᠳᠦᠰᠦᠨ ᠦ ᠠᠭᠤᠯᠭ᠎ᠠ ᠲᠠᠢ ᠪᠠᠶᠢᠬᠤ᠂ ᠬᠡᠦᠬᠡᠳ ᠦᠨ ᠵᠣᠬᠢᠶᠠᠯ ᠢ ᠲᠥᠷᠥ ᠡᠴᠡ ᠳᠡᠮᠵᠢᠬᠦ᠂ ᠪᠠᠭ᠎ᠠ ᠠᠩᠭᠢ ᠳᠤ ᠤᠩᠰᠢᠬᠤ᠂ ᠪᠢᠴᠢᠭ ᠦᠨ ᠬᠢᠴᠢᠶᠡᠯ ᠢ ᠵᠠᠪᠠᠯ ᠤᠷᠤᠭᠤᠯᠬᠤ᠂ ᠬᠠᠷᠠᠭᠠᠨ ᠤ ᠪᠣᠯᠤᠨ ᠰᠣᠨᠣᠰᠬᠠᠯ ᠤᠨ ᠪᠡᠷᠬᠡᠰᠢᠶᠡᠯ ᠲᠡᠢ ᠢᠷᠭᠡᠳ ᠦᠨ ᠣᠨᠴᠠᠯᠢᠭ ᠲᠤ ᠲᠣᠬᠢᠷᠠᠭᠰᠠᠨ ᠨᠣᠮ ᠬᠡᠪᠯᠡᠯ ᠢᠶᠡᠷ ᠬᠠᠩᠭᠠᠬᠤ᠂ ᠲᠦᠭᠡᠭᠡᠬᠦ᠂ ᠦᠨᠳᠦᠰᠦᠨ ᠦ ᠪᠢᠴᠢᠭ ᠦᠨ ᠵᠥᠪ ᠪᠢᠴᠢᠬᠦ ᠳᠦᠷᠢᠮ ᠢ ᠪᠠᠲᠤᠯᠠᠭᠤᠯᠵᠤ᠂ ᠲᠣᠯᠢ ᠶᠢ ᠨᠢᠭᠡᠳᠬᠡᠨ ᠬᠡᠪᠯᠡᠭᠦᠯᠬᠦ᠂ ᠮᠣᠩᠭᠣᠯ ᠬᠡᠯᠡᠨ ᠦ ᠥᠪᠯᠡᠨ ᠤᠯᠠᠮᠵᠢᠯᠠᠭᠴᠢ᠂ ᠲᠦᠭᠡᠭᠡᠨ ᠳᠡᠯᠭᠡᠷᠡᠭᠦᠯᠦᠭᠴᠢ᠂ ᠰᠤᠶᠤᠯ ᠲᠡᠭᠡᠭᠡᠭᠴᠢᠳ ᠪᠣᠯᠤᠨ ᠡᠷᠳᠡᠮᠲᠡᠳ ᠰᠤᠳᠤᠯᠤᠭᠠᠴᠢᠳ ᠢ ᠲᠥᠷᠥ ᠡᠴᠡ ᠪᠣᠳᠣᠯᠭ᠎ᠠ ᠪᠠᠷ ᠳᠡᠮᠵᠢᠬᠦ ᠵᠡᠷᠭᠡ ᠠᠵᠢᠯ ᠢ ᠴᠢᠨᠠᠭᠰᠢᠳᠠ ᠬᠢᠬᠦ ᠨᠢ ᠵᠦᠢᠲᠡᠢ ᠬᠡᠮᠡᠯ᠎ᠡ᠃ ᠤᠯᠤᠰ ᠤᠨ ᠶᠡᠬᠡ ᠬᠤᠷᠠᠯ ᠶᠢᠨ ᠭᠡᠰᠢᠭᠦᠨ᠂ ᠪᠣᠯᠪᠠᠰᠤᠷᠠᠯ᠂ ᠰᠢᠨᠵᠢᠯᠡᠬᠦ ᠤᠬᠠᠭᠠᠨ ᠤ ᠰᠠᠶᠢᠳ ᠯᠤ᠊ ∙ ᠡᠩᠬᠡ-ᠠᠮᠤᠭᠤᠯᠠᠩ ᠲᠠᠯᠪᠢᠭᠰᠠᠨ ᠢᠯᠡᠳᠬᠡᠯ ᠳᠦ ᠪᠡᠨ᠂ ᠮᠣᠩᠭᠣᠯ ᠤᠯᠤᠰ ᠤᠨ ᠶᠡᠷᠦᠩᠬᠡᠢ ᠰᠠᠶᠢᠳ ᠤᠨ 2021 ᠣᠨ ᠤ 144 ᠳᠦᠭᠡᠷ ᠵᠠᠬᠢᠷᠤᠮᠵᠢ ᠪᠠᠷ ᠮᠣᠩᠭᠣᠯ ᠬᠡᠯᠡᠨ ᠦ ᠲᠤᠬᠠᠢ ᠬᠠᠤᠯᠢ ᠶᠢᠨ ᠬᠡᠷᠡᠭᠵᠢᠯᠲᠡ ᠶᠢ ᠤᠯᠤᠰ ᠤᠨ ᠬᠡᠮᠵᠢᠶᠡᠨ ᠳᠦ ᠨᠢᠭᠡᠳᠦᠭᠰᠡᠨ ᠵᠣᠬᠢᠴᠠᠭᠤᠯᠤᠯᠲᠠ ᠪᠠᠷ ᠬᠠᠩᠭᠠᠬᠤ ᠴᠢᠭ ᠡᠭᠦᠷᠭᠡ ᠪᠦᠬᠦᠢ ᠠᠵᠢᠯ ᠤᠨ ᠬᠡᠰᠡᠭ ᠢ ᠪᠣᠯᠪᠠᠰᠤᠷᠠᠯ᠂ ᠰᠢᠨᠵᠢᠯᠡᠬᠦ ᠤᠬᠠᠭᠠᠨ ᠤ ᠰᠠᠶᠢᠳ ᠢᠶᠠᠷ ᠠᠬᠠᠯᠠᠭᠤᠯᠤᠨ ᠪᠠᠶᠢᠭᠤᠯᠤᠭᠰᠠᠨ᠃ 《ᠮᠣᠩᠭᠣᠯ ᠪᠢᠴᠢᠭ ᠦᠨ ᠦᠨᠳᠦᠰᠦᠨ ᠦ ᠬᠥᠲᠥᠯᠪᠦᠷᠢ III》 ᠢ ᠬᠡᠷᠡᠭᠵᠢᠭᠦᠯᠬᠦ ᠠᠷᠭ᠎ᠠ ᠬᠡᠮᠵᠢᠶᠡᠨ ᠦ ᠲᠥᠯᠥᠪᠯᠡᠭᠡ ᠶᠢ ᠪᠣᠯᠪᠠᠰᠤᠷᠠᠭᠤᠯᠤᠨ᠂ ᠠᠵᠢᠯ ᠤᠨ ᠬᠡᠰᠡᠭ ᠨᠡᠶᠢᠲᠡ 45 ᠳᠡᠳ᠋ ᠠᠵᠢᠯ ᠤᠨ ᠬᠡᠰᠡᠭ 12 ᠦᠢᠯᠡ ᠠᠵᠢᠯᠯᠠᠭ᠎ᠠ ᠶᠢ ᠳᠠᠩ ᠢᠶᠠᠷ ᠢᠶᠠᠨ ᠪᠣᠯᠤᠨ ᠬᠠᠮᠲᠤᠷᠠᠵᠤ ᠬᠡᠷᠡᠭᠵᠢᠭᠦᠯᠦᠭᠰᠡᠨ ᠬᠡᠮᠡᠪᠡ᠃ ᠲᠥᠷᠥ ᠶᠢᠨ ᠠᠯᠪᠠᠨ ᠬᠠᠭᠠᠭᠴᠢᠳ ᠲᠤ ᠵᠣᠷᠢᠭᠤᠯᠤᠭᠰᠠᠨ ᠦᠨᠳᠦᠰᠦᠨ ᠦ ᠪᠢᠴᠢᠭ ᠦᠨ ᠰᠤᠷᠭᠠᠯᠲᠠ ᠶᠢᠨ ᠬᠥᠲᠥᠯᠪᠦᠷᠢ ᠶᠢ ᠪᠣᠯᠪᠠᠰᠤᠷᠠᠭᠤᠯᠵᠤ᠂ ᠮᠣᠩᠭᠣᠯ ᠪᠢᠴᠢᠭ ᠦᠨ ᠠᠩᠬᠠᠨ᠂ ᠳᠤᠮᠳᠠ᠂ ᠠᠬᠢᠭᠰᠠᠨ ᠲᠦᠪᠰᠢᠨ ᠦ ᠭᠠᠷ ᠤᠨ ᠠᠪᠤᠯᠭ᠎ᠠ᠂ ᠪᠠᠭᠰᠢ ᠶᠢᠨ ᠨᠣᠮ ᠢ ᠪᠡᠯᠡᠳᠬᠡᠭᠰᠡᠨ᠃
ᠲᠡᠭᠦᠨᠴᠢᠯᠡᠨ ᠮᠣᠩᠭᠣᠯ ᠬᠡᠯᠡᠨ ᠦ ᠺᠣᠮᠫᠢᠶᠦ᠋ᠲ᠋ᠧᠷ ᠤᠨ ᠣᠷᠴᠢᠨ ᠤ ᠲᠣᠭᠲᠠᠯᠴᠠᠭ᠎ᠠ᠂ ᠲᠣᠭᠠᠴᠠᠭᠠᠯᠠᠬᠤ ᠬᠡᠷᠡᠭᠰᠡᠯ ᠦᠨ ᠭᠠᠷ ᠤᠨ ᠲᠣᠪᠴᠢᠯᠠᠭᠤᠷ ᠳᠡᠭᠡᠷᠡᠬᠢ ᠮᠣᠩᠭᠣᠯ ᠪᠢᠴᠢᠭ ᠦᠨ ᠦᠰᠦᠭ᠂ ᠲᠡᠮᠳᠡᠭᠯᠡᠯ ᠦᠨ ᠪᠠᠶᠢᠷᠢᠰᠢᠯ᠂ ᠮᠣᠩᠭᠣᠯ ᠪᠢᠴᠢᠭ ᠢᠶᠡᠷ ᠦᠢᠯᠡᠳᠬᠦ ᠪᠠᠷᠢᠮᠲᠠ ᠪᠢᠴᠢᠭ ᠦᠨ ᠬᠡᠪᠯᠡᠮᠡᠯ ᠬᠠᠭᠤᠳᠠᠰᠤ᠂ ᠲᠡᠭᠦᠨ ᠦ ᠪᠦᠷᠢᠳᠦᠯ ᠦᠨ ᠪᠠᠶᠢᠷᠢᠯᠠᠯ ᠳᠤ ᠲᠠᠯᠪᠢᠬᠤ ᠦᠨᠳᠦᠰᠦᠨ ᠱᠠᠭᠠᠷᠳᠠᠯᠭ᠎ᠠ᠂ ᠲᠥᠷᠥ ᠶᠢᠨ ᠠᠯᠪᠠᠨ ᠬᠠᠭᠠᠭᠴᠢ ᠶᠢᠨ ᠨᠡᠷ᠎ᠡ ᠶᠢᠨ ᠬᠠᠭᠤᠳᠠᠰᠤ ᠳᠤ ᠲᠠᠯᠪᠢᠬᠤ ᠶᠡᠷᠦᠩᠬᠡᠢ ᠱᠠᠭᠠᠷᠳᠠᠯᠭ᠎ᠠ᠂ ᠭᠤᠳᠤᠮᠵᠢ᠂ ᠵᠠᠮ᠂ ᠲᠠᠯᠠᠪᠠᠢ᠂ ᠦᠯᠦ ᠬᠥᠳᠡᠯᠬᠦ ᠡᠳ᠋ ᠬᠥᠷᠥᠩᠭᠡ᠂ ᠠᠵᠤ ᠠᠬᠤᠢ ᠶᠢᠨ ᠨᠢᠭᠡᠴᠡ᠂ ᠪᠠᠶᠢᠭᠤᠯᠤᠯᠭ᠎ᠠ ᠶᠢᠨ ᠬᠠᠶ᠋ᠢᠭ ᠤᠨ ᠲᠡᠮᠳᠡᠭᠲᠦ ᠲᠠᠯᠪᠢᠬᠤ ᠶᠡᠷᠦᠩᠬᠡᠢ ᠱᠠᠭᠠᠷᠳᠠᠯᠭ᠎ᠠ ᠵᠡᠷᠭᠡ ᠰᠲ᠋ᠠᠨ᠍ᠳᠠᠷᠲ ᠤᠳ ᠢ ᠲᠤᠰ ᠲᠤᠰ ᠪᠠᠲᠤᠯᠠᠭᠰᠠᠨ ᠭᠡᠯᠡ᠃ ᠦᠷᠭᠦᠯᠵᠢᠯᠡᠭᠦᠯᠦᠨ 《ᠮᠣᠩᠭᠣᠯ ᠬᠡᠯᠡ᠂ ᠪᠢᠴᠢᠭ ᠦᠨ ᠠᠰᠠᠭᠤᠳᠠᠯ᠂ ᠰᠢᠢᠳᠦᠯ 》《ᠮᠣᠩᠭᠣᠯ ᠬᠡᠯᠡ᠂ ᠪᠢᠴᠢᠭ ᠦᠨ ᠳᠠᠷᠬᠠᠯᠠᠭ᠎ᠠ᠂ ᠦᠨᠡᠯᠡᠮᠵᠢ》《ᠮᠣᠩᠭᠣᠯ ᠬᠡᠯᠡ ᠪᠢᠴᠢᠭ ᠦᠨ ᠰᠤᠷᠭᠠᠯᠲᠠ》《ᠮᠣᠩᠭᠣᠯ ᠬᠡᠯᠡ ᠪᠢᠴᠢᠭ ᠦᠨ ᠲᠧᠭᠨᠣᠯᠣᠭᠢ ᠶᠢᠨ ᠪᠡᠯᠡᠨ ᠪᠠᠶᠢᠳᠠᠯ》《ᠮᠣᠩᠭᠣᠯ ᠬᠡᠯᠡ ᠪᠢᠴᠢᠭ ᠦᠨ ᠰᠤᠳᠤᠯᠭ᠎ᠠ》《ᠮᠣᠩᠭᠣᠯ ᠪᠢᠴᠢᠭ ᠦᠨ ᠦᠨᠳᠦᠰᠦᠨ ᠦ ᠬᠥᠲᠦᠯᠪᠦᠷᠢ III》 ᠵᠡᠷᠭᠡ ᠰᠡᠳᠦᠪ ᠦᠳ ᠢᠶᠡᠷ ᠡᠷᠳᠡᠮᠲᠡᠨ᠂ ᠰᠤᠳᠤᠯᠤᠭᠠᠴᠢᠳ ᠢᠯᠡᠳᠬᠡᠯ ᠲᠠᠯᠪᠢᠵᠤ᠂ ᠪᠣᠯᠪᠠᠰᠤᠷᠠᠯ᠂ ᠰᠢᠨᠵᠢᠯᠡᠬᠦ ᠤᠬᠠᠭᠠᠨ ᠤ ᠶᠠᠮᠤ᠂ ᠴᠠᠬᠢᠮ᠂ ᠬᠠᠷᠢᠯᠴᠠᠭ᠎ᠠ ᠬᠣᠯᠪᠣᠭᠠᠨ ᠤ ᠶᠠᠮᠤ᠂ ᠬᠡᠯᠡᠨ ᠦ ᠪᠣᠳᠣᠯᠭ᠎ᠠ ᠶᠢᠨ ᠦᠨᠳᠦᠰᠦᠨ ᠦ ᠵᠥᠪᠯᠡᠯ᠂ ᠮᠣᠩᠭᠣᠯ ᠤᠯᠤᠰ ᠤᠨ ᠪᠣᠯᠪᠠᠰᠤᠷᠠᠯ ᠤᠨ ᠶᠡᠬᠡ ᠰᠤᠷᠭᠠᠭᠤᠯᠢ᠂ ᠮᠣᠩᠭᠣᠯ ᠤᠯᠤᠰ ᠤᠨ ᠶᠡᠬᠡ ᠰᠤᠷᠭᠠᠭᠤᠯᠢ᠂ ᠰᠢᠨᠵᠢᠯᠡᠬᠦ ᠤᠬᠠᠭᠠᠨ ᠤ ᠠᠺᠠᠳᠧᠮᠢ᠍ ᠶᠢᠨ ᠬᠡᠯᠡ ᠵᠣᠬᠢᠶᠠᠯ ᠤᠨ ᠬᠦᠷᠢᠶᠡᠯᠡᠩ ᠦᠨ ᠡᠷᠳᠡᠮᠲᠡᠨ᠂ ᠰᠤᠳᠤᠯᠤᠭᠠᠴᠢᠳ ᠬᠡᠯᠡᠯᠴᠡᠭᠦᠯᠭᠡ ᠥᠷᠨᠢᠭᠦᠯᠦᠯ᠎ᠡ᠃
ᠴᠢᠭᠤᠯᠭ᠎ᠠ ᠠᠭᠤᠯᠵᠠᠯᠲᠠ ᠳᠤ ᠣᠷᠣᠯᠴᠠᠭᠴᠢᠳ ᠬᠡᠯᠡᠯᠴᠡᠭᠦᠯᠭᠡ ᠶᠢᠨ ᠲᠡᠭᠦᠰᠬᠡᠯ ᠳᠦ ᠵᠥᠪᠯᠡᠮᠵᠢ ᠭᠠᠷᠭᠠᠭᠰᠠᠨ ᠪᠥᠭᠡᠳ ᠤᠭ ᠵᠥᠪᠯᠡᠮᠵᠢ ᠶᠢ ᠤᠯᠤᠰ ᠤᠨ ᠶᠡᠬᠡ ᠬᠤᠷᠠᠯ ᠶᠢᠨ ᠭᠡᠰᠢᠭᠦᠨ᠂ ᠮᠣᠩᠭᠣᠯ ᠬᠡᠯᠡ᠂ ᠪᠢᠴᠢᠭ ᠦᠨ ᠦᠨᠡᠯᠡᠮᠵᠢ᠂ ᠬᠡᠷᠡᠭᠯᠡᠭᠡ᠂ ᠡᠷᠬᠡ ᠵᠦᠢ ᠶᠢᠨ ᠣᠷᠴᠢᠨ ᠢ ᠪᠣᠯᠪᠠᠰᠤᠷᠠᠩᠭᠤᠢ ᠪᠣᠯᠭᠠᠬᠤ ᠠᠰᠠᠭᠤᠳᠠᠯ ᠢᠶᠠᠷ ᠵᠥᠪᠯᠡᠮᠵᠢ᠂ ᠰᠠᠨᠠᠯ᠂ ᠳ᠋ᠦᠩᠨᠡᠯᠲᠡ ᠭᠠᠷᠭᠠᠬᠤ ᠡᠭᠦᠷᠭᠡ ᠪᠦᠬᠦᠢ ᠠᠵᠢᠯ ᠤᠨ ᠬᠡᠰᠡᠭ ᠦᠨ ᠠᠬᠠᠯᠠᠭᠴᠢ ᠭᠤ᠊ ∙ ᠮᠥᠩᠬᠡᠴᠡᠴᠡᠭ ᠲᠠᠨᠢᠯᠴᠠᠭᠤᠯᠪᠠ᠃ ᠤᠭ ᠵᠥᠪᠯᠡᠮᠵᠢ ᠳᠦ᠄
ᠪᠢᠴᠢᠭᠰᠡᠨ᠄ ᠬᠡᠯᠡᠨ ᠤ ᠪᠤᠳᠤᠯᠭ᠎ᠠ ᠢᠢᠨ ᠦᠨᠳᠦᠰᠦᠨ ᠦ ᠵᠦᠪᠯᠡᠯ
ᠪᠤᠰᠤᠳ ᠨᠡᠶᠢᠲᠡᠯᠡᠯ