ᠣᠯᠠᠨ ᠤᠯᠤᠰ ᠤᠨ ᠡᠬᠡ ᠬᠡᠯᠡᠨ ᠦ ᠡᠳᠦᠷ ᠢ ᠵᠠᠷᠯᠠᠨ ᠲᠤᠩᠬᠠᠭᠯᠠᠭᠰᠠᠨ ᠤ 25 ᠵᠢᠯ ᠦᠨ ᠣᠢ ᠲᠣᠬᠢᠶᠠᠵᠤ ᠪᠠᠶᠢᠨ᠎ᠠ
ᠠᠩᠬ᠎ᠠ ᠶᠦ᠋ᠨᠧᠰᠻᠣ᠋ ᠠᠴᠠ ᠣᠯᠠᠨ ᠤᠯᠤᠰ ᠤᠨ ᠡᠬᠡ ᠬᠡᠯᠡᠨ ᠦ ᠡᠳᠦᠷ ᠢ ᠲᠤᠩᠬᠠᠭᠯᠠᠵᠤ᠂ ᠨᠢᠭᠡᠳᠦᠭᠰᠡᠨ ᠦᠨᠳᠦᠰᠦᠲᠡᠨ ᠦ ᠪᠠᠶᠢᠭᠤᠯᠤᠯᠭ ᠠ ᠤᠨ ᠶᠡᠷᠦᠩᠬᠡᠶ ᠠᠰᠰᠠᠮᠪᠯᠧᠢ ᠠᠴᠠ ᠪᠠᠲᠤᠯᠠᠭᠰᠠᠨ ᠪᠥᠭᠡᠳ ᠡᠨᠡ ᠡᠳᠦᠷ ᠲᠣᠭᠲᠠᠪᠤᠷᠢ ᠲᠠᠢ ᠬᠥᠭᠵᠢᠯ ᠦᠨ ᠵᠣᠷᠢᠯᠲᠠ ᠨᠤᠭᠤᠳ ᠢ ᠬᠡᠷᠡᠭᠵᠢᠭᠦᠯᠬᠦ ᠳᠦ ᠬᠡᠯᠡ ᠴᠢᠬᠤᠯᠠ ᠡᠭᠦᠷᠭᠡ ᠲᠡᠢ ᠶᠢ ᠣᠨᠴᠠᠯᠠᠳᠠᠭ᠃
ᠬᠡᠯᠡ ᠪᠣᠯ ᠪᠣᠯᠪᠠᠰᠤᠷᠠᠯ ᠤᠨ ᠲᠣᠭᠲᠠᠪᠤᠷᠢ ᠲᠠᠢ ᠬᠥᠭᠵᠢᠯ ᠳᠦ ᠵᠠᠶᠢᠯᠤᠰᠢ ᠦᠭᠡᠢ ᠱᠠᠭᠠᠷᠳᠠᠯᠭ᠎ᠠ ᠲᠠᠢ ᠮᠡᠳᠡᠯᠭᠡ ᠶᠢ ᠳᠠᠮᠵᠢᠭᠤᠯᠬᠤ᠂ ᠰᠣᠶᠤᠯ ᠢ ᠬᠠᠳᠠᠭᠠᠯᠠᠬᠤ ᠦᠨᠳᠦᠰᠦᠨ ᠬᠡᠷᠡᠭᠰᠡᠯ ᠪᠣᠯᠳᠠᠭ᠃ ᠥᠨᠦᠳᠦᠷ ᠳᠡᠯᠡᠬᠡᠶ ᠳᠡᠭᠡᠷ᠎ᠡ ᠣᠶᠢᠷᠠᠯᠴᠠᠭ᠎ᠠ ᠪᠠᠷ 8324 ᠬᠡᠯᠡ ᠪᠠᠶᠢᠭ᠎ᠠ ᠪᠥᠭᠡᠳ ᠳᠠᠶᠠᠭᠠᠷᠰᠢᠯ᠂ ᠨᠡᠶᠢᠭᠡᠮ ᠦᠨ ᠥᠭᠡᠷᠡᠴᠢᠯᠡᠯᠲᠡ ᠶᠢᠨ ᠤᠯᠠᠮ ᠠᠴᠠ ᠣᠯᠠᠨ ᠬᠡᠯᠡ ᠤᠰᠠᠳᠬᠤ ᠡᠷᠦᠰᠳᠡᠯ ᠲᠡᠢ ᠪᠠᠶᠢᠨ᠎ᠠ᠃
ᠪᠣᠯᠪᠠᠰᠤᠷᠠᠯ ᠤᠨ ᠰᠢᠰᠲ᠋ᠧᠮ ᠨᠢ ᠡᠬᠡ ᠬᠡᠯᠡ ᠪᠡᠷ ᠢᠶᠡᠨ ᠰᠤᠷᠬᠤ ᠡᠷᠬᠡ ᠶᠢ ᠳᠡᠮᠵᠢᠬᠦ᠂ ᠰᠤᠷᠭᠠᠯᠲᠠ ᠶᠢᠨ ᠦᠷ᠎ᠡ ᠳ᠋ᠦᠩ ᠢ
ᠰᠠᠶᠢᠵᠢᠷᠠᠭᠤᠯᠬᠤ ᠳᠤ ᠴᠢᠬᠤᠯᠠ ᠠᠴᠢ ᠬᠣᠯᠪᠤᠭᠳᠠᠯ ᠲᠠᠢ᠃ ᠤᠴᠢᠷ ᠨᠢ ᠪᠦᠷᠢᠨ ᠣᠶᠢᠯᠠᠭᠠᠳᠠᠭ ᠬᠡᠯᠡ ᠪᠡᠷ ᠢᠶᠡᠨ ᠰᠤᠷᠤᠯᠴᠠᠵᠤ ᠪᠠᠶᠢᠭ᠎ᠠ ᠰᠤᠷᠤᠭᠴᠢᠳ ᠢᠯᠡᠭᠦᠦ ᠰᠠᠶᠢᠨ ᠣᠶᠢᠯᠠᠭᠠᠬᠤ᠂ ᠢᠳᠡᠪᠬᠢ ᠲᠡᠢ
ᠣᠷᠤᠯᠴᠠᠬᠤ᠂ ᠰᠢᠭᠦᠮᠵᠢᠯᠡᠯ ᠲᠡᠢ ᠰᠡᠳᠬᠢᠬᠦ ᠴᠢᠳᠠᠪᠤᠷᠢ ᠲᠠᠢ ᠪᠣᠯᠳᠠᠭ᠃
ᠣᠯᠠᠨ ᠬᠡᠯᠡᠨ ᠦ ᠪᠣᠯᠪᠠᠰᠤᠷᠠᠯ ᠨᠢ ᠬᠦᠷᠲᠡᠭᠡᠮᠵᠢ ᠲᠡᠢ ᠨᠡᠶᠢᠭᠡᠮ ᠢ ᠳᠡᠮᠵᠢᠬᠦ ᠡᠴᠡ ᠭᠠᠳᠠᠨ᠎ᠠ ᠴᠥᠭᠡᠩᠬᠢ ᠶᠢᠨ ᠬᠡᠯᠡ᠂ ᠤᠤᠭᠤᠭᠤᠯ ᠬᠡᠯᠡ ᠶᠢ ᠬᠠᠳᠠᠭᠠᠯᠠᠬᠤ ᠳᠤ ᠲᠤᠰᠠᠯᠠᠳᠠᠭ᠃ ᠡᠨᠡ ᠨᠢ ᠬᠦᠮᠦᠨ ᠪᠦᠷᠢ ᠶᠢᠨ ᠪᠣᠯᠪᠠᠰᠤᠷᠠᠯ᠂ ᠨᠠᠰᠤᠨ ᠲᠤᠷᠰᠢ ᠶᠢᠨ ᠰᠤᠷᠤᠯᠴᠠᠬᠤ ᠪᠣᠯᠤᠮᠵᠢ ᠶᠢ ᠲᠡᠭᠰᠢ ᠬᠦᠷᠲᠡᠭᠡᠮᠵᠢ ᠲᠡᠢ ᠪᠣᠯᠭᠤᠬᠤ ᠲᠤᠯᠭᠠᠨ ᠤ ᠴᠢᠯᠠᠭᠤ ᠶᠠᠭᠤᠮ᠎ᠠ᠃
ᠡᠨᠡ ᠣᠯᠠᠨ ᠤᠯᠤᠰ ᠤᠨ ᠡᠬᠡ ᠬᠡᠯᠡᠨ ᠦ ᠡᠳᠦᠷ ᠢᠶᠡᠷ ᠬᠡᠯᠡᠨ ᠦ ᠣᠯᠠᠨ ᠶᠠᠩᠵᠤ ᠪᠠᠶᠢᠳᠠᠯ ᠢ ᠬᠠᠳᠠᠭᠠᠯᠠᠬᠤ᠂ ᠡᠬᠡ ᠬᠡᠯᠡ ᠪᠡᠨ ᠰᠤᠷᠲᠠᠯᠴᠢᠯᠠᠬᠤ 25 ᠵᠢᠯ ᠦᠨ ᠬᠦᠴᠦᠨ ᠴᠢᠷᠮᠠᠶᠢᠯᠲᠠ ᠶᠢ ᠣᠨᠴᠠᠯᠠᠵᠤ ᠪᠠᠶᠢᠨ᠎ᠠ᠃ ᠡᠨᠡᠬᠦ ᠴᠢᠬᠤᠯᠠ ᠦᠢᠯᠡ ᠶᠠᠪᠤᠳᠠᠯ ᠨᠢ ᠰᠣᠶᠤᠯ ᠤᠨ ᠥᠪ ᠢ ᠬᠠᠮᠠᠭᠠᠯᠠᠬᠤ᠂ ᠪᠣᠯᠪᠠᠰᠤᠷᠠᠯ ᠢ ᠳᠡᠭᠡᠭᠰᠢᠯᠠᠭᠦᠯᠬᠦ᠂ ᠢᠯᠡᠭᠦᠦ ᠲᠠᠶᠢᠪᠤᠩ ᠨᠡᠶᠢᠭᠡᠮ ᠢ ᠲᠥᠯᠦᠪᠰᠢᠭᠦᠯᠬᠦ ᠳᠦ ᠬᠡᠯᠡ ᠶᠢ ᠬᠠᠮᠠᠭᠠᠯᠠᠬᠤ ᠨᠢ ᠴᠢᠬᠤᠯᠠ ᠪᠣᠯᠬᠤ ᠢ ᠣᠨᠴᠠᠯᠠᠨ ᠲᠡᠮᠳᠡᠭᠯᠡᠵᠦ ᠪᠠᠶᠢᠨ᠎ᠠ᠃
ᠪᠢᠴᠢᠭᠰᠡᠨ᠄ ᠬᠡᠯᠡᠨ ᠤ ᠪᠤᠳᠤᠯᠭ᠎ᠠ ᠢᠢᠨ ᠦᠨᠳᠦᠰᠦᠨ ᠦ ᠵᠦᠪᠯᠡᠯ
ᠪᠤᠰᠤᠳ ᠨᠡᠶᠢᠲᠡᠯᠡᠯ