ᠭᠠᠳᠠᠭᠠᠳᠤ ᠳ᠋᠋ᠠᠬᠢ ᠮᠣᠩᠭᠤᠯ ᠬᠡᠯᠡᠨ ᠦ ᠪᠠᠭᠰᠢ ᠨᠠᠷ ᠲᠤ ᠵᠣᠷᠢᠭᠤᠯᠤᠭᠰᠠᠨ ᠮᠡᠷᠭᠡᠵᠢᠯ᠂ ᠠᠷᠭ᠎ᠠ ᠵᠦᠢ ᠶᠢᠨ ᠰᠤᠷᠭᠠᠯᠲᠠ ᠶᠢᠨ ᠬᠠᠭᠠᠯᠲᠠ ᠶᠢᠨ ᠠᠵᠢᠯᠯᠠᠭ᠎ᠠ ᠪᠣᠯᠤᠯ᠎ᠠ
ᠮᠣᠩᠭᠤᠯ ᠤᠯᠤᠰ ᠤᠨ ᠵᠠᠰᠠᠭ ᠤᠨ ᠭᠠᠵᠠᠷ ᠤᠨ 2022 ᠣᠨ ᠤ 1 ᠊ ᠳ᠋ᠦᠭᠡᠷ ᠰᠠᠷ᠎ᠠ ᠶᠢᠨ 5 ᠤ ᠡᠳᠦᠷ ᠦᠨ 《ᠮᠣᠩᠭᠤᠯ ᠬᠡᠯᠡᠨ ᠦ ᠲᠤᠬᠠᠶ ᠬᠠᠤᠯᠢ ᠶᠢ ᠬᠡᠷᠡᠭᠵᠢᠭᠦᠯᠬᠦ ᠵᠠᠷᠢᠮ ᠠᠷᠭ᠎ᠠ ᠬᠡᠮᠵᠢᠶᠡᠨ ᠦ ᠲᠤᠬᠠᠶ》 7 ᠳ᠋ᠤᠭᠠᠷ ᠲᠣᠭᠲᠠᠭᠠᠯ ᠤᠨ 2 ᠳ᠋ᠠᠬᠢ ᠬᠡᠰᠡᠭ ᠲᠦ᠂ ᠭᠠᠳᠠᠭᠠᠳᠤ ᠤᠯᠤᠰ ᠲᠤ ᠮᠣᠩᠭᠤᠯ ᠰᠤᠳᠤᠯᠤᠯ᠂ ᠲᠡᠭᠦᠨ ᠦ ᠳᠣᠲᠤᠷ᠎ᠠ ᠮᠣᠩᠭᠤᠯ ᠬᠡᠯᠡ ᠪᠢᠴᠢᠭ ᠦᠨ ᠰᠤᠳᠤᠯᠤᠯ ᠢ ᠬᠥᠭᠵᠢᠭᠦᠯᠵᠦ᠂ ᠰᠤᠷᠲᠠᠯᠴᠢᠯᠠᠨ ᠲᠠᠨᠢᠭᠤᠯᠬᠤ᠂ ᠲᠡᠨᠳᠡ ᠠᠮᠢᠳᠤᠷᠠᠵᠤ ᠪᠠᠶᠢᠭ᠎ᠠ ᠮᠣᠩᠭᠤᠯᠴᠤᠳ ᠲᠤ ᠵᠣᠷᠢᠭᠤᠯᠤᠭᠰᠠᠨ ᠮᠣᠩᠭᠤᠯ ᠬᠡᠯᠡᠨ ᠦ ᠰᠤᠷᠭᠠᠯᠲᠠ ᠶᠢ ᠳᠡᠮᠵᠢᠵᠦ ᠠᠵᠢᠯᠯᠠᠬᠤ ᠪᠠᠷ ᠵᠢᠭᠠᠭᠰᠠᠨ᠃
ᠡᠨᠡ ᠬᠦᠷᠢᠶᠡᠨ ᠳᠦ ᠬᠡᠯᠡᠨ ᠦ ᠪᠣᠳᠤᠯᠭ᠎ᠠ ᠶᠢᠨ ᠦᠨᠳᠦᠰᠦᠨ ᠦ ᠵᠥᠪᠯᠡᠯ᠂ ᠭᠠᠳᠠᠭᠠᠳᠤ ᠬᠠᠷᠢᠯᠴᠠᠭᠠᠨ ᠤ ᠶᠠᠮᠤ ᠬᠠᠮᠲᠤᠷᠠᠨ ᠭᠠᠳᠠᠭᠠᠳᠤ ᠳ᠋ᠠᠬᠢ ᠮᠣᠩᠭᠤᠯ ᠬᠡᠯᠡᠨ ᠦ ᠪᠠᠭᠰᠢ ᠨᠠᠷ ᠲᠤ ᠵᠣᠷᠢᠭᠤᠯᠤᠭᠰᠠᠨ ᠮᠡᠷᠭᠡᠵᠢᠯ᠂ ᠠᠷᠭ᠎ᠠ ᠵᠦᠢ ᠶᠢᠨ ᠴᠠᠬᠢᠮ ᠰᠤᠷᠭᠠᠯᠲᠠ ᠶᠢ 2022-2025 ᠣᠨ ᠳᠤ 3 ᠴᠤᠪᠤᠷᠠᠯ ᠢᠶᠠᠷ ᠵᠣᠬᠢᠶᠠᠨ ᠪᠠᠶᠢᠭᠤᠯᠵᠤ᠂ ᠨᠡᠶᠢᠲᠡ 250 ᠭᠠᠷᠤᠶ ᠪᠠᠭᠰᠢ ᠶᠢ ᠬᠠᠮᠤᠷᠤᠭᠤᠯᠤᠨ ᠰᠤᠷᠭᠠᠵᠤ᠂ ᠰᠤᠷᠭᠠᠯᠲᠠ ᠳᠤ ᠢᠳᠡᠪᠬᠢᠲᠡᠢ ᠬᠠᠮᠤᠷᠤᠭᠳᠠᠨ᠂ ᠠᠮᠵᠢᠯᠲᠠᠲᠠᠢ ᠰᠤᠷᠤᠯᠴᠠᠵᠤ ᠳᠦᠭᠦᠷᠭᠡᠭᠰᠡᠨ ᠨᠡᠶᠢᠲᠡ 86 ᠪᠠᠭᠰᠢ ᠳᠤ ᠪᠠᠲᠤᠯᠠᠮᠵᠢ ᠣᠯᠭᠤᠯ᠎ᠠ᠃
ᠮᠣᠩᠭᠤᠯ ᠬᠡᠯᠡ ᠶᠢ ᠭᠠᠳᠠᠭᠠᠳᠤ ᠬᠡᠯᠡ ᠪᠣᠯᠭᠠᠨ ᠵᠢᠭᠠᠵᠤ ᠪᠤᠢ ᠪᠠᠭᠰᠢ ᠨᠠᠷ ᠲᠤ ᠵᠣᠷᠢᠭᠤᠯᠤᠭᠰᠠᠨ ᠮᠡᠷᠭᠡᠵᠢᠯ᠂ ᠠᠷᠭ᠎ᠠ ᠵᠦᠢ ᠶᠢᠨ ᠰᠤᠷᠭᠠᠯᠲᠠ ᠶᠢᠨ ᠬᠠᠭᠠᠯᠲᠠ ᠶᠢᠨ ᠦᠢᠯᠡ ᠠᠵᠢᠯᠯᠠᠭ᠎ᠠ ᠥᠨᠦᠳᠦᠷ ᠬᠡᠯᠡᠨ ᠦ ᠪᠣᠳᠤᠯᠭ᠎ᠠ ᠶᠢᠨ ᠦᠨᠳᠦᠰᠦᠨ ᠦ ᠵᠥᠪᠯᠡᠯ ᠦᠨ ᠠᠵᠢᠯ ᠤᠨ ᠠᠯᠪᠠᠨ ᠤ ᠬᠤᠷᠠᠯ ᠤᠨ ᠲᠠᠩᠬᠢᠮ ᠳᠤ ᠪᠣᠯᠤᠯ᠎ᠠ᠃
ᠭᠠᠳᠠᠭᠠᠳᠤ ᠳ᠋ᠠᠬᠢ ᠮᠣᠩᠭᠤᠯ ᠬᠡᠯᠡᠨ ᠦ ᠪᠠᠭᠰᠢ ᠨᠠᠷ ᠲᠤ ᠵᠣᠷᠢᠭᠤᠯᠤᠭᠰᠠᠨ ᠮᠡᠷᠭᠡᠵᠢᠯ᠂ ᠠᠷᠭ᠎ᠠ ᠵᠦᠢ ᠶᠢᠨ ᠰᠤᠷᠭᠠᠯᠲᠠ 3 ᠳᠤ ᠨᠡᠶᠢᠲᠡ 150 ᠭᠠᠷᠤᠶ ᠪᠠᠭᠰᠢ ᠬᠠᠮᠤᠷᠤᠭᠳᠠᠭᠰᠠᠨ ᠠᠴᠠ ᠰᠤᠷᠭᠠᠯᠲᠠ ᠪᠠᠨ ᠪᠦᠷᠢᠨ ᠳᠦᠭᠦᠷᠭᠡᠭᠰᠡᠨ ᠨᠢ 14 ᠤᠯᠤᠰ ᠠᠴᠠ ᠣᠷᠤᠯᠴᠠᠭᠰᠠᠨ 28 ᠰᠤᠷᠭᠠᠭᠤᠯᠢ᠂ ᠰᠤᠷᠭᠠᠯᠲᠠ ᠶᠢᠨ ᠲᠥᠪ ᠦᠨ 42 ᠪᠠᠭᠰᠢ ᠪᠠᠶᠢᠯ᠎ᠠ᠃
ᠡᠭᠦᠨ ᠡᠴᠡ ᠮᠣᠩᠭᠤᠯ ᠤᠯᠤᠰ ᠠᠴᠠ ᠣᠷᠤᠯᠴᠠᠭᠰᠠᠨ 10 ᠪᠠᠭᠰᠢ ᠥᠨᠦᠳᠦᠷ ᠪᠠᠲᠤᠯᠠᠮᠵᠢ ᠪᠠᠨ ᠭᠠᠷᠳᠠᠨ ᠠᠪᠤᠯ᠎ᠠ᠃
ᠬᠡᠯᠡᠨ ᠦ ᠪᠣᠳᠤᠯᠭ᠎ᠠ ᠶᠢᠨ ᠦᠨᠳᠦᠰᠦᠨ ᠦ ᠵᠥᠪᠯᠡᠯ ᠦᠨ ᠠᠵᠢᠯ ᠤᠨ ᠠᠯᠪᠠᠨ ᠤ ᠳᠠᠷᠤᠭ᠎ᠠ᠂ ᠳ᠋ᠣᠻᠲ᠋ᠤᠷ ᠨᠢᠮᠠᠬᠦ᠋ᠦ ᠶᠢᠨ ᠨᠠᠷᠠᠨᠬᠡᠷᠡᠯ ᠰᠤᠷᠭᠠᠯᠲᠠ ᠳᠤ ᠬᠠᠮᠤᠷᠤᠭᠳᠠᠭᠰᠠᠨ ᠪᠠᠭᠰᠢ ᠨᠠᠷ ᠲᠤ ᠪᠠᠲᠤᠯᠠᠮᠵᠢ ᠭᠠᠷᠳᠠᠭᠤᠯᠵᠤ᠂ ᠲᠡᠳᠡᠨ ᠳᠦ ᠲᠤᠯᠭᠠᠮᠳᠠᠵᠤ ᠪᠤᠢ ᠠᠰᠠᠭᠤᠳᠠᠯ ᠪᠣᠯᠤᠭᠠᠳ ᠰᠢᠢᠳᠪᠦᠷᠢᠯᠡᠬᠦ ᠠᠷᠭ᠎ᠠ ᠵᠠᠮ ᠤᠨ ᠲᠠᠯ᠎ᠠ ᠪᠠᠷ ᠰᠠᠨᠠᠯ ᠰᠣᠯᠢᠯᠴᠠᠯ᠎ᠠ᠃ ᠬᠦᠷᠦᠯᠴᠡᠨ ᠢᠷᠡᠭᠰᠡᠨ ᠪᠠᠭᠰᠢ ᠨᠠᠷ ᠲᠤ ᠪᠠᠨ ᠲᠠᠯᠠᠷᠬᠠᠯ᠎ᠠ᠃ ᠲᠠ ᠪᠦᠬᠦᠨ ᠦ ᠴᠢᠨᠠᠭᠰᠢᠳᠠ ᠶᠢᠨ ᠠᠵᠢᠯ ᠦᠢᠯᠡᠰ ᠲᠦ ᠠᠮᠵᠢᠯᠲᠠ ᠬᠦᠰᠡᠶ ᠡ!
ᠪᠢᠴᠢᠭᠰᠡᠨ᠄ ᠬᠡᠯᠡᠨ ᠤ ᠪᠤᠳᠤᠯᠭ᠎ᠠ ᠢᠢᠨ ᠦᠨᠳᠦᠰᠦᠨ ᠦ ᠵᠦᠪᠯᠡᠯ
ᠪᠤᠰᠤᠳ ᠨᠡᠶᠢᠲᠡᠯᠡᠯ