«ᠮᠥᠩᠬᠡ ᠲᠩᠷᠢ ᠶᠢᠨ ᠪᠢᠴᠢᠭ ᠊ 2025» ᠮᠣᠩᠭᠤᠯ ᠤᠷᠠᠨ ᠪᠢᠴᠢᠯᠭᠡ ᠶᠢᠨ ᠣᠯᠠᠨ ᠤᠯᠤᠰ ᠤᠨ ᠦᠵᠡᠰᠬᠦᠯᠡᠩ ᠦᠨ ᠤᠳᠤᠷᠢᠳᠤᠮᠵᠢ
ᠵᠣᠷᠢᠯᠭ᠎ᠠ:
ᠶᠡᠬᠡ ᠡᠵᠡᠨ ᠴᠢᠩᠬᠢᠰ ᠬᠠᠭᠠᠨ ᠤ ᠮᠡᠨᠳᠦᠯᠡᠭᠰᠡᠨ ᠮᠣᠩᠭᠤᠯ ᠪᠠᠬᠠᠷᠬᠠᠯ ᠤᠨ ᠡᠳᠦᠷ ᠲᠦ ᠵᠣᠷᠢᠭᠤᠯᠤᠨ ᠮᠣᠩᠭᠤᠯ ᠤᠯᠤᠰ ᠤᠨ ᠶᠡᠷᠦᠩᠬᠡᠶᠢᠯᠡᠭᠴᠢ ᠶᠢᠨ ᠰᠠᠨᠠᠭᠠᠴᠢᠯᠠᠭ᠎ᠠ ᠪᠠᠷ ᠤᠯᠠᠮᠵᠢᠯᠠᠯ ᠪᠣᠯᠭᠠᠨ ᠵᠣᠬᠢᠶᠠᠨ ᠪᠠᠶᠢᠭᠤᠯᠳᠠᠭ «ᠮᠥᠩᠬᠡ ᠲᠩᠷᠢ ᠶᠢᠨ ᠪᠢᠴᠢᠭ» ᠮᠣᠩᠭᠤᠯ ᠤᠷᠠᠨ ᠪᠢᠴᠢᠯᠭᠡ ᠶᠢᠨ ᠣᠯᠠᠨ ᠤᠯᠤᠰ ᠤᠨ ᠦᠵᠡᠰᠬᠦᠯᠡᠩ ᠨᠢ ᠮᠣᠩᠭᠤᠯ ᠪᠢᠴᠢᠭ ᠰᠣᠶᠤᠯ ᠢ ᠣᠯᠠᠨ ᠨᠡᠶᠢᠲᠡ ᠳᠦ ᠲᠦᠭᠡᠭᠡᠨ ᠳᠡᠯᠭᠡᠷᠡᠭᠦᠯᠬᠦ᠂ ᠤᠷᠠᠨ ᠪᠦᠲᠦᠭᠡᠯᠴᠢᠳ᠂ ᠪᠠᠭᠰᠢ᠂ ᠣᠶᠤᠲᠠᠨ᠂ ᠰᠤᠷᠤᠭᠴᠢᠳ ᠤᠨ ᠰᠢᠨᠡᠯᠢᠭ ᠰᠠᠨᠠᠭ᠎ᠠ᠂ ᠰᠠᠨᠠᠭᠠᠴᠢᠯᠠᠭ᠎ᠠ᠂ ᠠᠪᠢᠶᠠᠰ ᠴᠢᠳᠠᠪᠤᠷᠢ ᠶᠢ ᠨᠡᠶᠢᠲᠡ ᠳᠦ ᠲᠠᠨᠢᠭᠤᠯᠬᠤ᠂ ᠳᠡᠮᠵᠢᠬᠦ ᠳᠦ ᠣᠷᠤᠰᠢᠨ᠎ᠠ᠃
ᠶᠡᠷᠦᠩᠬᠡᠶ ᠵᠣᠬᠢᠶᠠᠨ ᠪᠠᠶᠢᠭᠤᠯᠤᠭᠴᠢ:
• ᠮᠣᠩᠭᠤᠯ ᠤᠯᠤᠰ ᠤᠨ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ
ᠬᠠᠮᠲᠤᠷᠠᠨ ᠵᠣᠬᠢᠶᠠᠨ ᠪᠠᠶᠢᠭᠤᠯᠤᠭᠴᠢ:
• ᠰᠣᠶᠤᠯ᠂ ᠰᠫᠣᠷᠲ᠂ ᠠᠶᠠᠯᠠᠯ ᠵᠢᠭᠤᠯᠴᠢᠯᠠᠯ᠂ ᠵᠠᠯᠠᠭᠤᠴᠤᠳ ᠤᠨ ᠶᠠᠮᠤ
• ᠪᠣᠯᠪᠠᠰᠤᠷᠠᠯ ᠤᠨ ᠶᠠᠮᠤ
• ᠶᠡᠷᠦᠩᠬᠡᠶᠢᠯᠡᠭᠴᠢ ᠶᠢᠨ ᠳᠡᠷᠭᠡᠳᠡᠬᠢ ᠬᠡᠯᠡᠨ ᠦ ᠪᠣᠳᠤᠯᠭ᠎ᠠ ᠶᠢᠨ ᠦᠨᠳᠦᠰᠦᠨ ᠦ ᠵᠥᠪᠯᠡᠯ
• ᠪᠣᠯᠪᠠᠰᠤᠷᠠᠯ ᠤᠨ ᠶᠡᠷᠦᠩᠬᠡᠶ ᠭᠠᠵᠠᠷ
• ᠦᠨᠳᠦᠰᠦᠨ ᠦ ᠮᠡᠳᠡᠭᠡᠯᠡᠯ ᠦᠨ ᠮᠣᠩ᠊ᠴᠠ᠊ᠮᠡ ᠠᠭᠧᠨ᠋ᠲ᠋ᠯᠢᠭ
• ᠮᠣᠩᠭᠤᠯ ᠤᠨ ᠬᠡᠦᠬᠡᠳ ᠦᠨ ᠤᠷᠠᠯᠠᠩ ᠪᠦᠲᠦᠭᠡᠬᠦ ᠲᠥᠪ
• ᠮᠣᠩᠭᠤᠯ ᠤᠨ ᠤᠷᠠᠴᠤᠳ ᠤᠨ ᠡᠪᠯᠡᠯ
• ᠮᠣᠩᠭᠤᠯ ᠤᠯᠤᠰ ᠤᠨ ᠶᠡᠬᠡ ᠰᠤᠷᠭᠠᠭᠤᠯᠢ
• ᠰᠢᠨᠵᠢᠯᠡᠬᠦ ᠤᠬᠠᠭᠠᠨ ᠤ ᠠᠻᠠᠳᠧᠮᠢ ᠤᠨ ᠬᠡᠯᠡ᠂ ᠵᠣᠬᠢᠶᠠᠯ ᠤᠨ ᠬᠦᠷᠢᠶᠡᠯᠡᠩ
• ᠣᠯᠠᠨ ᠤᠯᠤᠰ ᠤᠨ ᠮᠣᠩᠭᠤᠯ ᠤᠷᠠᠨ ᠪᠢᠴᠢᠯᠭᠡ ᠶᠢᠨ ᠬᠣᠯᠪᠤᠭ᠎ᠠ
• ᠪᠢᠴᠢᠭ ᠰᠣᠶᠤᠯ ᠲᠥᠪ
ᠲᠠᠯᠪᠢᠭᠳᠠᠬᠤ ᠱᠠᠭᠠᠷᠳᠠᠯᠭ᠎ᠠ:
ᠬᠠᠮᠤᠷᠬᠤ ᠬᠦᠷᠢᠶ᠎ᠡ:
ᠤᠷᠠᠨ ᠪᠦᠲᠦᠭᠡᠯᠴᠢᠳ᠂ ᠶᠡᠷᠦᠩᠬᠡᠶ ᠪᠣᠯᠪᠠᠰᠤᠷᠠᠯ ᠤᠨ ᠰᠤᠷᠭᠠᠭᠤᠯᠢ ᠶᠢᠨ ᠪᠠᠭᠰᠢ᠂ ᠣᠶᠤᠲᠠᠨ ᠨᠤᠭ᠋ᠤᠳ᠂ 8-12 ᠳ᠋ᠤᠭᠠᠷ ᠠᠩᠭᠢ ᠶᠢᠨ ᠰᠤᠷᠤᠭᠴᠢᠳ
ᠠᠩᠭᠢᠯᠠᠯ:
ᠤᠷᠠᠨ ᠪᠦᠲᠦᠭᠡᠯᠴᠢᠳ
• ᠤᠷᠠᠨ ᠪᠢᠴᠢᠯᠭᠡ᠂ ᠬᠡᠮᠵᠢᠶ᠎ᠡ ᠬᠢᠵᠠᠭᠠᠷᠯᠠᠬᠤ ᠦᠭᠡᠢ᠂ ᠵᠢᠶᠠᠵᠠᠯᠠᠭᠰᠠᠨ ᠪᠠᠶᠢᠬᠤ
ᠶᠡᠷᠦᠩᠬᠡᠶ ᠪᠣᠯᠪᠠᠰᠤᠷᠠᠯ ᠤᠨ ᠰᠤᠷᠭᠠᠭᠤᠯᠢ ᠶᠢᠨ ᠪᠠᠭᠰᠢ ᠨᠠᠷ
• ᠤᠷᠠᠨ ᠪᠢᠴᠢᠯᠭᠡ᠂ ᠬᠡᠮᠵᠢᠶ᠎ᠡ ᠬᠢᠵᠠᠭᠠᠷᠯᠠᠬᠤ ᠦᠭᠡᠢ᠂ ᠵᠢᠶᠠᠵᠠᠯᠠᠭᠰᠠᠨ ᠪᠠᠶᠢᠬᠤ
ᠣᠶᠤᠲᠠᠨ ᠨᠤᠭᠤᠳ
• ᠤᠷᠠᠨ ᠪᠢᠴᠢᠯᠭᠡ᠂ ᠬᠡᠮᠵᠢᠶ᠎ᠡ ᠬᠢᠵᠠᠭᠠᠷᠯᠠᠬᠤ ᠦᠭᠡᠢ᠂ ᠵᠢᠶᠠᠵᠠᠯᠠᠭᠰᠠᠨ ᠪᠠᠶᠢᠬᠤ
ᠰᠤᠷᠤᠭᠴᠢᠳ
• 11-12 ᠳ᠋ᠤᠭᠠᠷ ᠠᠩᠭᠢ: ᠤᠷᠠᠨ ᠪᠢᠴᠢᠯᠭᠡ᠂ ᠬᠡᠮᠵᠢᠶ᠎ᠡ ᠬᠢᠵᠠᠭᠠᠷᠯᠠᠬᠤ ᠦᠭᠡᠢ᠂ ᠵᠢᠶᠠᠵᠠᠯᠠᠭᠰᠠᠨ ᠪᠠᠶᠢᠬᠤ
• 8-10 ᠳ᠋ᠤᠭᠠᠷ ᠠᠩᠭᠢ: ᠪᠢᠷ ᠦᠨ ᠪᠣᠯᠤᠨ ᠦᠵᠦᠭ ᠦᠨ ᠬᠢᠴᠢᠶᠡᠩᠭᠦᠶ ᠲᠢᠭ᠂ ᠵᠢᠶᠠᠵᠠᠯᠠᠭᠰᠠᠨ ᠪᠠᠶᠢᠬᠤ
ᠰᠠᠨᠠᠮᠵᠢ:
᠑᠃ ᠪᠦᠲᠦᠭᠡᠯ ᠦᠨ ᠠᠷᠤ ᠳᠤ ᠣᠪᠤᠭ᠂ ᠨᠡᠷ᠎ᠡ᠂ ᠤᠲᠠᠰᠤᠨ ᠤ ᠳ᠋ᠤᠭᠠᠷ᠂ ᠡᠷᠬᠢᠯᠡᠵᠦ ᠪᠤᠢ ᠠᠵᠢᠯ᠂ ᠠᠯᠪᠠᠨ ᠲᠤᠰᠢᠶᠠᠯ ᠪᠣᠯᠤᠨ ᠪᠦᠲᠦᠭᠡᠯ ᠦᠨ ᠨᠡᠷ᠎ᠡ᠂
ᠲᠥᠷᠦᠯ᠂ ᠬᠡᠮᠵᠢᠶ᠎ᠡ᠂ ᠣᠷᠤᠯᠴᠠᠬᠤ ᠠᠩᠭᠢᠯᠠᠯ ᠢ ᠲᠣᠳᠤᠷᠬᠠᠶ ᠪᠢᠴᠢᠬᠦ
᠒᠃ ᠲᠣᠪᠴᠢ ᠳᠠᠨᠢᠯᠴᠠᠭᠤᠯᠭ᠎ᠠ᠂ ᠵᠢᠷᠤᠭ ᠢᠶᠠᠨ
ᠴᠠᠬᠢᠮ ᠬᠠᠶ᠋ᠢᠭ ᠢᠶᠠᠷ ᠢᠯᠡᠭᠡᠬᠦ ᠳᠦ ᠪᠡᠨ ᠭᠠᠷᠴᠠᠭ ᠬᠡᠰᠡᠭ ᠲᠦ ᠣᠪᠤᠭ᠂ ᠨᠡᠷ᠎ᠡ ᠪᠡᠨ ᠪᠦᠲᠦᠭᠡᠯ ᠦᠨ
ᠨᠡᠷ᠎ᠡ ᠶᠢᠨ ᠬᠠᠮᠲᠤ ᠲᠣᠳᠤᠷᠬᠠᠶ ᠪᠢᠴᠢᠬᠦ
ᠪᠦᠲᠦᠭᠡᠯ ᠢ ᠬᠦᠯᠢᠶᠡᠵᠦ ᠠᠪᠬᠤ ᠭᠠᠵᠠᠷ: ᠮᠣᠩᠭᠤᠯ ᠤᠨ ᠬᠡᠦᠬᠡᠳ ᠦᠨ ᠤᠷᠠᠯᠠᠩ ᠪᠦᠲᠦᠭᠡᠬᠦ ᠲᠥᠪ
ᠴᠠᠬᠢᠮ ᠬᠠᠶ᠋ᠢᠭ: khuukhdiinurlan@gmail᠂com
ᠬᠣᠯᠪᠤᠭᠳᠠᠬᠤ ᠤᠲᠠᠰᠤᠨ ᠤ ᠳ᠋ᠤᠭᠠᠷ: 99978546᠂ 88555616᠂ 99880509
ᠪᠦᠲᠦᠭᠡᠯ ᠬᠦᠯᠢᠶᠡᠨ ᠠᠪᠬᠤ ᠬᠤᠭᠤᠴᠠᠭ᠎ᠠ: 2025 ᠣᠨ ᠤ 11 ᠳ᠋ᠦᠭᠡᠷ ᠰᠠᠷ ᠠ ᠶᠢᠨ 14 ᠦ ᠡᠳᠦᠷ ᠬᠦᠷᠲᠡᠯ᠎ᠡ ᠠᠵᠢᠯ ᠤᠨ ᠡᠳᠦᠷ ᠦᠳ ᠲᠦ 09:00-17:00 ᠴᠠᠭ
ᠪᠢᠴᠢᠭᠰᠡᠨ᠄ ᠬᠡᠯᠡᠨ ᠤ ᠪᠤᠳᠤᠯᠭ᠎ᠠ ᠢᠢᠨ ᠦᠨᠳᠦᠰᠦᠨ ᠦ ᠵᠦᠪᠯᠡᠯ
ᠪᠤᠰᠤᠳ ᠨᠡᠶᠢᠲᠡᠯᠡᠯ