MN / MNG

2025-12-04
ᠶᠦ᠋ᠨᠧᠰᠻᠣ᠋ ᠳ᠋ᠤ ᠪᠦᠷᠢᠳᠬᠡᠭᠳᠡᠭᠰᠡᠨ ᠮᠣᠩᠭᠤᠯ ᠤᠯᠤᠰ ᠤᠨ ᠰᠣᠶᠤᠯ ᠤᠨ ᠥᠪ ᠦᠨ ᠪᠠᠲᠤᠯᠠᠮᠵᠢ ᠭᠠᠷᠳᠠᠭᠤᠯᠬᠤ ᠶᠣᠰᠤᠯᠠᠯ ᠵᠣᠬᠢᠶᠠᠨ ᠪᠠᠶᠢᠭᠤᠯᠤᠭᠳᠠᠯ᠎ᠠ

ᠶᠦ᠋ᠨᠧᠰᠻᠣ᠋ ᠳ᠋ᠤ ᠪᠦᠷᠢᠳᠬᠡᠭᠳᠡᠭᠰᠡᠨ ᠮᠣᠩᠭᠤᠯ ᠤᠯᠤᠰ ᠤᠨ ᠰᠣᠶᠤᠯ ᠤᠨ ᠥᠪ ᠦᠨ ᠪᠠᠲᠤᠯᠠᠮᠵᠢ ᠭᠠᠷᠳᠠᠭᠤᠯᠬᠤ ᠶᠣᠰᠤᠯᠠᠯ ᠵᠣᠬᠢᠶᠠᠨ ᠪᠠᠶᠢᠭᠤᠯᠤᠭᠳᠠᠯ᠎ᠠ




ᠮᠣᠩᠭᠤᠯ ᠤᠯᠤᠰ ᠠᠴᠠ ᠶᠦ᠋ᠨᠧᠰᠻᠣ᠋ ᠳ᠋ᠤ ᠪᠦᠷᠢᠳᠬᠡᠭᠳᠡᠭᠰᠡᠨ ᠰᠣᠶᠤᠯ ᠤᠨ ᠥᠪ ᠦᠨ ᠪᠠᠲᠤᠯᠠᠮᠵᠢ ᠭᠠᠷᠳᠠᠭᠤᠯᠬᠤ ᠶᠣᠰᠤᠯᠠᠯ ᠤᠨ ᠠᠷᠭ᠎ᠠ ᠬᠡᠮᠵᠢᠶ᠎ᠡ ᠶᠢ 2025 ᠣᠨ ᠤ 11  ᠳ᠋ᠦᠭᠡᠷ ᠰᠠᠷ᠎ᠠ ᠶᠢᠨ 21 ᠪᠤᠶᠤ ᠡᠪᠦᠯ ᠦᠨ ᠲᠡᠷᠢᠭᠦᠨ ᠰᠠᠷ᠎ᠠ ᠶᠢᠨ ᠰᠢᠨ᠎ᠡ ᠶᠢᠨ ᠨᠢᠭᠡᠨ᠂ ᠡᠵᠡᠨ ᠪᠣᠭᠳᠠ ᠴᠢᠩᠬᠢᠰ ᠬᠠᠭᠠᠨ ᠤ ᠮᠡᠨᠳᠦᠯᠡᠭᠰᠡᠨ ᠦ 863 ᠵᠢᠯ ᠦᠨ ᠣᠢ᠂ «ᠮᠣᠩᠭᠤᠯ ᠪᠠᠬᠠᠷᠬᠠᠯ ᠤᠨ ᠡᠳᠦᠷ» ᠴᠢᠩᠬᠢᠰ ᠬᠠᠭᠠᠨ ᠦᠨᠳᠦᠰᠦᠨ ᠦ ᠮᠦᠽᠧᠶ ᠳᠦ ᠵᠣᠬᠢᠶᠠᠨ ᠪᠠᠶᠢᠭᠤᠯᠪᠠ᠃




«ᠪᠤᠭᠤᠨ ᠴᠢᠯᠠᠭᠤᠨ ᠬᠥᠰᠢᠶ᠎ᠡ᠂ ᠬᠦᠷᠡᠯ ᠦᠨ ᠦᠶ᠎ᠡ ᠶᠢᠨ ᠬᠣᠯᠪᠤᠭᠳᠠᠬᠤ ᠳᠤᠷᠠᠰᠬᠠᠯ ᠤᠳ» ᠶᠢ ᠳᠡᠯᠡᠬᠡᠶ ᠶᠢᠨ ᠥᠪ ᠦᠨ ᠵᠢᠭᠰᠠᠭᠠᠯᠲᠠ ᠳᠤ (2023) «ᠮᠣᠩᠭᠤᠯ ᠨᠡᠭᠦᠳᠡᠯ ᠦᠨ ᠵᠠᠩ ᠦᠢᠯᠡ» ᠪᠣᠯᠤᠨ «ᠨᠠᠤᠷᠢᠽ ᠤᠨ ᠪᠠᠶᠠᠷ» ᠢ ᠬᠦᠮᠦᠨ ᠲᠥᠷᠦᠯᠬᠢᠲᠡᠨ ᠦ ᠰᠣᠶᠤᠯ ᠤᠨ ᠪᠡᠶᠡᠲᠦ ᠪᠤᠰᠤ ᠥᠪ ᠦᠨ ᠲᠥᠯᠦᠭᠡᠯᠡᠯ ᠦᠨ ᠵᠢᠭᠰᠠᠭᠠᠯᠲᠠ ᠳᠤ (2024) ᠮᠥᠨ «ᠬᠦᠢᠰᠦ ᠲᠣᠯᠤᠭᠠᠶ ᠶᠢᠨ ᠬᠥᠰᠢᠶᠡᠨ ᠦ ᠪᠢᠴᠢᠭᠡᠰᠦ» ᠪᠣᠯᠤᠨ «ᠳᠡᠭᠡᠷ᠎ᠡ ᠡᠴᠡ ᠲᠣᠭᠲᠠᠭᠠᠭᠰᠠᠨ ᠳᠦᠷᠰᠦ ᠶᠢᠨ ᠲᠤᠰ ᠪᠦᠷᠢ ᠶᠢ ᠪᠦᠷᠢᠳᠬᠡᠭᠰᠡᠨ ᠪᠢᠴᠢᠭ» ᠳᠡᠯᠡᠬᠡᠶ ᠶᠢᠨ ᠳᠤᠷᠠᠰᠤᠮᠵᠢ ᠶᠢᠨ ᠣᠯᠠᠨ ᠤᠯᠤᠰ ᠤᠨ ᠵᠢᠭᠰᠠᠭᠠᠯᠲᠠ ᠳᠤ (2025) ᠲᠤᠰ ᠲᠤᠰ ᠪᠦᠷᠢᠳᠬᠡᠭᠦᠯᠦᠭᠰᠡᠨ ᠪᠠᠲᠤᠯᠠᠮᠵᠢ ᠨᠤᠭᠤᠳ ᠢ ᠡᠳᠡᠭᠡᠷ ᠥᠪ ᠦᠨ ᠨᠣᠮᠢᠨᠠᠼᠢ ᠶᠢᠨ ᠮᠠᠲ᠋ᠧᠷᠢᠶᠠᠯ ᠢ ᠪᠡᠯᠡᠳᠬᠡᠵᠦ᠂ ᠪᠦᠷᠢᠳᠬᠡᠭᠦᠯᠬᠦ ᠦᠢᠯᠡ ᠠᠵᠢᠯᠯᠠᠭᠠᠨ ᠳᠤ ᠬᠦᠴᠦᠨ ᠴᠢᠷᠮᠠᠶᠢᠯᠲᠠ ᠭᠠᠷᠭᠠᠨ ᠠᠵᠢᠯᠯᠠᠭᠰᠠᠨ ᠬᠣᠯᠪᠤᠭᠳᠠᠬᠤ ᠪᠠᠶᠢᠭᠤᠯᠤᠯᠭ᠎ᠠ᠂ ᠡᠷᠳᠡᠮᠲᠡᠨ ᠰᠤᠳᠤᠯᠤᠭᠠᠴᠢᠳ ᠤᠨ ᠲᠥᠯᠦᠭᠡᠯᠡᠯ ᠳᠦ ᠠᠯᠪᠠᠨ ᠶᠣᠰᠤᠭᠠᠷ ᠭᠠᠷᠳᠠᠭᠤᠯᠤᠯ᠎ᠠ᠃

ᠠᠷᠭ᠎ᠠ ᠬᠡᠮᠵᠢᠶᠡᠨ ᠳᠦ ᠭᠠᠳᠠᠭᠠᠳᠤ ᠬᠠᠷᠢᠯᠴᠠᠭᠠᠨ ᠤ ᠰᠠᠶᠢᠳ ᠪᠥᠭᠡᠳ ᠶᠦ᠋ᠨᠧᠰᠻᠣ᠋ ᠶᠢᠨ ᠮᠣᠩᠭᠤᠯ ᠤᠨ ᠦᠨᠳᠦᠰᠦᠨ ᠦ ᠻᠣᠮᠢᠰᠰ ᠤᠨ ᠳᠠᠷᠤᠭ᠎ᠠ ᠪᠠ᠊᠂ ᠪᠠᠲᠤᠴᠡᠴᠡᠭ᠌᠂ ᠰᠣᠶᠤᠯ᠂ ᠰᠫᠣᠷᠲ᠂ ᠠᠶᠠᠯᠠᠯ ᠵᠢᠭᠤᠯᠴᠢᠯᠠᠯ᠂ ᠵᠠᠯᠠᠭᠤᠴᠤᠳ ᠤᠨ ᠰᠠᠶᠢᠳ ᠴᠢ᠊᠂ ᠤᠨᠳᠤᠷᠮ᠎ᠠ᠂ ᠲᠥᠷᠦ ᠶᠢᠨ ᠪᠣᠯᠤᠨ ᠡᠷᠳᠡᠮ ᠰᠢᠨᠵᠢᠯᠡᠭᠡᠨ ᠦ ᠪᠠᠶᠢᠭᠤᠯᠤᠯᠭ᠎ᠠ ᠨᠤᠭᠤᠳ᠂ ᠮᠦᠽᠧᠶ᠂ ᠶᠡᠬᠡ ᠳᠡᠭᠡᠳᠦ ᠰᠤᠷᠭᠠᠭᠤᠯᠢ ᠶᠢᠨ ᠡᠷᠳᠡᠮᠲᠡᠨ ᠰᠤᠳᠤᠯᠤᠭᠠᠴᠢᠳ ᠣᠷᠤᠯᠴᠠᠯ᠎ᠠ᠃


ᠮᠣᠩᠭᠤᠯ ᠤᠯᠤᠰ ᠶᠦ᠋ᠨᠧᠰᠻᠣ᠋ ᠶᠢᠨ ᠻᠣᠨ᠋ᠸᠧᠨ᠋ᠼᠢ ᠨᠤᠭᠤᠳ ᠤᠨ ᠬᠦᠷᠢᠶᠡᠨ ᠳᠦ ᠰᠣᠶᠤᠯ ᠤᠨ ᠪᠡᠶᠡᠲᠦ ᠪᠣᠯᠤᠨ ᠪᠡᠶᠡᠲᠦ ᠪᠤᠰᠤ ᠥᠪ ᠢ ᠬᠠᠳᠠᠭᠠᠯᠠᠵᠤ ᠬᠠᠮᠠᠭᠠᠯᠠᠬᠤ᠂ ᠰᠢᠨᠵᠢᠯᠡᠬᠦ ᠤᠬᠠᠭᠠᠨ ᠤ ᠡᠷᠭᠢᠯᠲᠡ ᠳᠦ ᠣᠷᠤᠭᠤᠯᠬᠤ᠂ ᠣᠯᠠᠨ ᠤᠯᠤᠰ ᠲᠤ ᠰᠤᠷᠲᠠᠯᠴᠢᠯᠠᠨ ᠲᠠᠨᠢᠭᠤᠯᠬᠤ᠂ ᠢᠷᠡᠭᠡᠳᠦᠶ ᠬᠣᠶᠢᠴᠢᠳ ᠢᠶᠠᠨ ᠪᠦᠷᠢᠨ ᠪᠦᠲᠦᠨ ᠢᠶᠡᠷ ᠨᠢ ᠥᠪᠯᠡᠭᠦᠯᠬᠦ ᠦᠢᠯᠡ ᠬᠡᠷᠡᠭ ᠢ ᠢᠳᠡᠪᠬᠢᠲᠡᠢ ᠬᠡᠷᠡᠭᠵᠢᠭᠦᠯᠦᠭᠰᠡᠭᠡᠷ ᠪᠠᠶᠢᠨ᠎ᠠ᠃


ᠮᠠᠨ ᠤ ᠤᠯᠤᠰ ᠶᠦ᠋ᠨᠧᠰᠻᠣ᠋ ᠶᠢᠨ ᠳᠡᠯᠡᠬᠡᠶ ᠶᠢᠨ ᠥᠪ ᠦᠨ ᠵᠢᠭᠰᠠᠭᠠᠯᠲᠠ ᠳᠤ 6 ᠥᠪ᠂ ᠬᠦᠮᠦᠨ ᠲᠥᠷᠦᠯᠬᠢᠲᠡᠨ ᠦ ᠰᠣᠶᠤᠯ ᠤᠨ ᠪᠡᠶᠡᠲᠦ ᠪᠤᠰᠤ ᠥᠪ ᠦᠨ ᠵᠢᠭᠰᠠᠭᠠᠯᠲᠠ ᠳᠤ 17 ᠥᠪ᠂ ᠳᠡᠯᠡᠬᠡᠶ ᠶᠢᠨ ᠳᠤᠷᠠᠰᠤᠮᠵᠢ ᠶᠢᠨ ᠬᠥᠲᠦᠯᠪᠦᠷᠢ ᠳᠦ 10 ᠪᠠᠷᠢᠮᠲᠠᠲᠤ ᠥᠪ ᠢ ᠲᠤᠰ ᠲᠤᠰ ᠪᠦᠷᠢᠳᠬᠡᠭᠦᠯᠦᠭᠡᠳ ᠪᠠᠶᠢᠨ᠎ᠠ᠃



 




ᠪᠢᠴᠢᠭᠰᠡᠨ᠄ ᠬᠡᠯᠡᠨ ᠤ ᠪᠤᠳᠤᠯᠭ᠎ᠠ ᠢᠢᠨ ᠦᠨᠳᠦᠰᠦᠨ ᠦ ᠵᠦᠪᠯᠡᠯ


Бичсэн: ХБҮЗ

ᠪᠤᠰᠤᠳ ᠨᠡᠶᠢᠲᠡᠯᠡᠯ